| | | | ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠨ ︽2025 ᠣᠨ ᠤ ᠪᠦᠭᠦ ᠣᠷᠣᠨ ᠤ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠦᠭᠦ | ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠤᠰᠤ | ᠬᠡᠷᠡᠭᠯᠡᠬᠦ ᠠᠷᠭ᠎ᠠ ᠭᠡᠯᠪᠡᠷᠢ ᠶᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ ᠲᠡᠶᠢᠰᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠪᠠ᠃ | | ︽ᠲᠥᠰᠥᠯ︾ ᠳᠤ᠂ ᠥᠭᠡᠷᠡᠴᠢᠯᠡᠯᠲᠡ ᠶᠢᠨ ᠬᠡᠷᠡᠭᠵᠢᠭᠦᠯᠬᠦ ᠬᠡᠪᠴᠢᠶ᠎ᠡ ᠶᠢ ᠵᠦᠢ ᠵᠣᠬᠢᠰᠲᠠᠢ ᠬᠢᠨᠠᠨ | ᠬᠠᠷᠭᠤᠭᠤᠯᠬᠤ᠂ ︽ᠳᠥᠷᠪᠡᠨ ᠵᠦᠢᠯ ᠤᠨ ᠲᠣᠭᠲᠠᠴᠠ︾ ᠶᠢ ᠰᠢᠰᠲ᠋ᠧᠮ ᠲᠠᠢ ᠥᠷᠨᠢᠭᠦᠯᠬᠦ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ︽ᠲᠠᠪᠤᠨ ᠵᠦᠢᠯ ᠤᠨ ᠳᠦᠷᠢᠮ ᠤᠨ ᠰᠢᠰᠲ᠋ᠧᠮ︾ ᠢ ᠪᠠᠶᠢᠭᠤᠯᠤᠨ | ᠪᠦᠷᠢᠨᠰᠢᠭᠦᠯᠬᠦ᠂ ᠥᠭᠡᠷᠡᠴᠢᠯᠡᠯᠲᠡ ᠶᠢ ᠰᠢᠯᠭᠠᠨ ᠠᠪᠬᠤ ᠪᠠ ᠲᠤᠷᠰᠢᠯᠭ᠎ᠠ ᠪᠠᠨ ᠳ᠋ᠦᠩᠨᠡᠬᠦ ᠠᠵᠢᠯ ᠢ ᠰᠠᠶᠢᠲᠤᠷ ᠬᠢᠬᠦ | ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠪᠠᠶᠢᠷᠢᠯᠠᠭᠤᠯᠤᠭᠰᠠᠨ ᠪᠥᠭᠡᠳ ᠡᠭᠦᠷᠭᠡ ᠬᠠᠷᠠᠯᠲᠠ ᠶᠢ ᠠᠶᠢᠮᠠᠭ ᠬᠤᠲᠠ ᠳᠤ | ᠨᠠᠷᠢᠯᠢᠭᠵᠢᠭᠤᠯᠤᠨ ᠬᠤᠪᠢᠶᠠᠷᠢᠯᠠᠵᠤ᠂ ᠡᠭᠦᠷᠭᠡ ᠶᠢᠨ ᠨᠠᠷᠢᠨ ᠲᠠᠩᠰᠠ᠂ ᠠᠵᠢᠯ ᠤᠨ ᠬᠤᠪᠢᠶᠠᠷᠢᠯᠠᠯ ᠬᠢᠭᠡᠳ ᠴᠠᠭ ᠤᠨ | ᠵᠠᠩᠭᠢᠯᠠᠭ᠎ᠠ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ ᠃ | | ︽ᠲᠥᠰᠥᠯ︾ ᠳᠤ᠂ 2025 ᠣᠨ ᠤ ᠰᠡᠭᠦᠯᠴᠢ ᠪᠤᠯᠲᠠᠯ᠎ᠠ ᠡᠯ᠎ᠡ ᠠᠶᠢᠮᠠᠭ ᠬᠤᠲᠠ ᠶᠢᠨ ᠬᠢᠨ ᠪᠦᠲᠦᠮᠵᠢᠲᠡᠶ | ᠤᠰᠤᠯᠠᠯᠲᠠ ᠶᠢᠨ ᠲᠠᠯᠠᠪᠠᠶ ᠶᠢᠨ ︽ᠥᠭᠡᠷᠡᠴᠢᠯᠡᠬᠦ ᠵᠣᠬᠢᠰᠲᠠᠢ ᠶᠢ ᠨᠢ ᠪᠦᠭᠦᠨ ᠢ ᠥᠭᠡᠷᠡᠴᠢᠯᠡᠬᠦ︾ ᠵᠠᠷᠴᠢᠮ ᠶᠣᠰᠣᠭᠠᠷ᠂ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠠᠯᠠᠪᠠᠶ ᠶᠢ ᠤᠯᠠᠮ ᠨᠢᠭᠡ ᠠᠯᠬᠤᠮ ᠬᠢᠨᠠᠨ ᠲᠣᠭᠲᠠᠭᠠᠵᠤ᠂ ᠰᠢᠨ᠎ᠡ ᠪᠠᠷ ᠨᠡᠮᠡᠭᠳᠡᠭᠰᠡᠨ ᠥᠭᠡᠷᠡᠴᠢᠯᠡᠯᠲᠡ ᠶᠢᠨ | ᠲᠠᠯᠠᠪᠠᠶ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠰᠢᠯᠭᠠᠨ ᠠᠪᠤᠨ᠎ᠠ᠃ | ᠨᠢᠭᠡᠨᠲᠡ ᠪᠡᠶᠡᠯᠡᠭᠦᠯᠦᠭᠰᠡᠨ 4969 ᠲᠦᠮᠡᠨ ᠮᠦ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ︽ᠡᠷᠭᠢᠨ ᠬᠠᠷᠠᠬᠤ︾ ᠠᠵᠢᠯ ᠥᠷᠨᠢᠭᠦᠯᠵᠦ᠂ ᠣᠶᠢᠷ᠎ᠠ ᠶᠢᠨ 10 | ᠵᠢᠯ ᠳᠠᠬᠢ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠤᠰᠤ ᠬᠡᠷᠡᠭᠯᠡᠬᠦ | ᠬᠠᠮᠢᠶᠠᠷᠤᠯᠲᠠ ᠶᠢᠨ ᠲᠣᠭᠲᠠᠴᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ | ᠲᠣᠭᠲᠠᠴᠠ᠂ ᠨᠠᠷᠢᠯᠢᠭ ᠣᠨᠣᠴᠠᠲᠠᠢ ᠨᠥᠬᠦᠪᠦᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠲᠣᠭᠲᠠᠴᠠ ᠶᠢ | ᠪᠠᠶᠢᠭᠤᠯᠤᠭᠰᠠᠨ ᠪᠠᠶᠢᠳᠠᠯ ᠪᠠ ᠠᠵᠢᠯᠯᠠᠭᠤᠯᠤᠭᠰᠠᠨ ᠪᠠᠶᠢᠳᠠᠯ ᠢ ᠰᠢᠰᠲ᠋ᠧᠮ ᠲᠠᠢ ᠡᠮᠬᠢᠯᠡᠨ᠎ᠡ᠃ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠤᠨ ᠲᠥᠷᠥ ᠶᠢᠨ ᠪᠣᠳᠣᠯᠭ᠎ᠠ ᠶᠢ ᠲᠦᠷᠭᠡᠳᠬᠡᠨ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠳᠦᠷᠢᠮ ᠤᠨ ᠰᠢᠰᠲ᠋ᠧᠮ᠂ ᠤᠰᠤ ᠬᠡᠷᠡᠭᠯᠡᠬᠦ ᠬᠢᠨᠠᠨ | ᠬᠡᠮᠵᠢᠯᠲᠡ ᠶᠢᠨ ᠰᠢᠰᠲ᠋ᠧᠮ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ | ᠰᠢᠰᠲ᠋ᠧᠮ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ ᠪᠣᠯᠣᠨ ᠤᠰᠤ ᠠᠷᠪᠢᠯᠠᠬᠤ ᠮᠡᠷᠭᠡᠵᠢᠯ | ᠬᠢᠭᠡᠳ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶ᠎ᠠ ᠲᠥᠮᠥᠰᠥ ᠶᠢᠨ ᠤᠨᠠᠯᠲᠠ ᠶᠢ ᠨᠡᠮᠡᠭᠳᠡᠭᠦᠯᠵᠦ | ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠳᠤᠷᠠᠳᠴᠠᠢ ᠃ | |