| | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠡᠳ᠋ ᠤᠨ | ᠵᠠᠰᠠᠭ ᠤᠨ ᠬᠦᠷᠢᠶᠡᠨ ᠳᠠᠬᠢ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ | ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 52 | ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠨᠳᠥᠷ ᠨᠠᠰᠤᠨ ᠤ ᠨᠡᠮᠡᠭᠦᠷᠢ | ᠨᠥᠬᠦᠪᠥᠷᠢ ᠶᠢᠨ ᠪᠠᠯᠠ ᠮᠥᠩᠭᠦ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ | ᠲᠤᠰᠠᠳᠠ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ | ᠨᠠᠰᠤᠨ ᠤ ᠨᠡᠮᠡᠭᠦᠷᠢ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ | ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ | ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ | | ᠰᠢᠨ᠎ᠡ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ | ᠵᠢᠷᠭᠤᠭᠠᠨ ᠪᠦᠯᠦᠭ ᠬᠤᠷᠢᠨ ᠵᠢᠷᠭᠤᠭᠠᠨ ᠵᠦᠢᠯ ᠪᠠᠶᠢᠵᠤ᠂ ᠶᠡᠷᠦᠩᠬᠡᠶ ᠲᠦᠷᠢᠮ᠂ ᠣᠯᠭᠤᠬᠤ ᠬᠡᠪᠴᠢᠶ᠎ᠡ ᠪᠠ | ᠪᠠᠷᠢᠮᠵᠢᠶ᠎ᠠ᠂ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠪᠠ ᠣᠯᠭᠤᠵᠤ ᠠᠪᠬᠤ᠂ ᠬᠤᠪᠢᠷᠠᠭᠤᠯᠬᠤ ᠪᠠ ᠵᠣᠭᠰᠣᠭᠠᠬᠤ ᠂ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠵᠢᠴᠢ ᠳᠠᠭᠠᠯᠳᠤᠭᠤᠯᠤᠭᠰᠠᠨ ᠲᠦᠷᠢᠮ ᠭᠡᠵᠦ | ᠬᠤᠪᠢᠶᠠᠨ᠎ᠠ᠃ | | ᠨᠢᠭᠡ᠂ ᠥᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶ᠎ᠡ᠂ ᠪᠠᠷᠢᠮᠵᠢᠶ᠎ᠠ ᠪᠣᠯᠤᠨ ᠴᠠᠭ ᠤᠨ ᠬᠢᠵᠠᠭᠠᠷ ᠤᠨ | ᠲᠤᠬᠠᠶ ︽ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨᠵᠠᠰᠠᠬᠤ | ᠣᠷᠣᠨ ᠤ ᠡᠷᠦᠬᠡ ᠠᠮᠠ ᠶᠢᠨ ᠳᠠᠩᠰᠠ ᠲᠠᠢ᠂ ᠡᠷᠦᠬᠡ ᠠᠮᠠ ᠶᠢᠨ ᠳᠠᠩᠰᠠᠯᠠᠯ ᠤᠨ ᠨᠠᠰᠤ ᠨᠢ 80 ᠨᠠᠰᠤ ︵80 | ᠪᠦᠬᠦᠯᠢ ᠨᠠᠰᠤ ᠪᠠᠭᠲᠠᠨ᠎ᠠ︶ ᠠᠴᠠ 99 ᠪᠦᠬᠦᠯᠢ ᠨᠠᠰᠤ ᠬᠦᠷᠲᠡᠯᠡᠬᠢ ᠨᠠᠰᠤᠲᠠᠶᠢᠴᠤᠳ ᠪᠦᠬᠦᠨ ᠬᠥᠮᠦᠨ ᠪᠦᠷᠢ | ᠰᠠᠷ᠎ᠠ ᠳᠤ 100 ᠲᠥᠭᠦᠷᠢᠭ︔ 100 ᠪᠦᠬᠦᠯᠢ ᠨᠠᠰᠤ ︵100 ᠪᠦᠬᠦᠯᠢ ᠨᠠᠰᠤ ᠪᠠᠭᠲᠠᠨ᠎ᠠ︶ ᠠᠴᠠ ᠳᠡᠭᠡᠭᠰᠢᠬᠢ | ᠨᠠᠰᠤᠲᠠᠶᠢᠴᠤᠳ ᠰᠠᠷ᠎ᠠ ᠪᠦᠷᠢ 600 ᠲᠥᠭᠦᠷᠢᠭ ᠪᠣᠯᠣᠨ᠎ᠠ᠃ ᠥᠨᠳᠥᠷ ᠨᠠᠰᠤᠨ ᠤ ᠨᠡᠮᠡᠭᠦᠷᠢ ᠶᠢ ᠵᠠᠷᠴᠢᠮ | ᠳᠡᠭᠡᠷ᠎ᠡ ᠪᠠᠨ ᠤᠯᠠᠷᠢᠯ ᠢᠶᠠᠷ ᠣᠯᠭᠤᠵᠤ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠨᠤᠭᠤᠳ ᠰᠠᠷ᠎ᠠ ᠪᠠᠷ | ᠣᠯᠭᠤᠵᠤ ᠪᠣᠯᠤᠨ᠎ᠠ᠃ | | | ᠬᠤᠶᠠᠷ᠂ ᠥᠨᠳᠥᠷ ᠨᠠᠰᠤᠨ ᠤ ᠨᠡᠮᠡᠭᠦᠷᠢ ᠶᠢᠨ ᠲᠤᠬᠠᠶ ᠭᠤᠶᠤᠴᠢᠯᠠᠯ ︽ᠬᠠᠮᠢᠶᠠᠷᠤᠯᠲᠠ ᠶᠢᠨ ᠠᠷᠭ᠎ᠠ︾ | ᠳᠤ᠂ ᠥᠨᠳᠥᠷ ᠨᠠᠰᠤᠨ ᠤ ᠨᠡᠮᠡᠭᠦᠷᠢ ᠶᠢ ᠰᠠᠶᠢᠨ ᠳᠤᠷ᠎ᠠ ᠠᠴᠠ ᠪᠠᠨ ᠭᠤᠶᠤᠴᠢᠯᠠᠬᠤ ᠪᠠᠷ ᠵᠠᠷᠴᠢᠮ ᠪᠣᠯᠭᠠᠵᠤ᠂ | ᠨᠥᠬᠦᠴᠡᠯ ᠳᠤ ᠨᠡᠶᠢᠴᠡᠬᠦ ᠨᠠᠰᠤᠲᠠᠶᠢᠴᠤᠳ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ | ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠲᠤ ᠬᠤᠪᠢ ᠬᠥᠮᠦᠨ ᠤ | ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠮᠠᠲ᠋ᠧᠷᠢᠶᠠᠯ ᠢ ᠬᠠᠩᠭᠠᠬᠤ ᠴᠢᠬᠤᠯᠠᠲᠠᠶ ᠪᠠᠶᠢᠨ᠎ᠠ︔ ᠴᠢᠳᠠᠯ | ᠲᠡᠩᠬᠡᠭᠡ ᠪᠠᠨ ᠠᠯᠳᠠᠭᠰᠠᠨ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠥᠨᠳᠥᠷ ᠨᠠᠰᠤᠲᠠᠶ ᠨᠠᠰᠤᠲᠠᠶᠢᠴᠤᠳ ᠢ | ᠲᠣᠰ ᠬᠥᠮᠦᠨ ᠤ ᠲᠥᠷᠥᠯ ᠰᠠᠳᠤᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠨ ᠠᠴᠠ ᠬᠦᠴᠦᠨ | ᠪᠥᠬᠦᠶ ᠦᠨᠡᠮᠯᠡᠯ ᠢᠶᠠᠷ ᠢᠶᠠᠨ ᠣᠷᠣᠯᠠᠨ ᠭᠤᠶᠤᠴᠢᠯᠠᠵᠤ ᠪᠣᠯᠤᠨ᠎ᠠ︔ ᠲᠥᠪᠯᠡᠷᠡᠭᠦᠯᠦᠨ ᠠᠰᠠᠷᠠᠨ ᠲᠡᠵᠢᠭᠡᠬᠦ ᠣᠨᠴᠠ | ᠬᠦᠴᠢᠷᠳᠡᠯᠲᠡᠶ ᠬᠥᠮᠦᠰ ᠤᠨ ᠳᠣᠲᠣᠷᠠᠬᠢ ᠥᠨᠳᠥᠷ ᠨᠠᠰᠤᠲᠠᠶ ᠨᠠᠰᠤᠲᠠᠶᠢᠴᠤᠳ ᠢ ᠰᠠᠭᠤᠭ᠎ᠠ ᠭᠠᠵᠠᠷ ᠤᠨ | ᠪᠠᠶᠢᠭᠤᠯᠤᠮᠵᠢ ᠶᠢᠨ ᠠᠵᠢᠯᠲᠠᠨ ᠬᠦᠴᠦᠨ ᠪᠥᠬᠦᠶ ᠦᠨᠡᠮᠯᠡᠯ ᠢᠶᠠᠷ ᠢᠶᠠᠨ ᠣᠷᠣᠯᠠᠨ ᠭᠤᠶᠤᠴᠢᠯᠠᠵᠤ ᠪᠣᠯᠤᠨ᠎ᠠ᠃ | | | ᠭᠤᠷᠪᠠ᠂ ᠥᠨᠳᠥᠷ ᠨᠠᠰᠤᠨ ᠤ ᠨᠡᠮᠡᠭᠦᠷᠢ ᠣᠯᠭᠤᠬᠤ ᠳᠠᠬᠢ ᠬᠦᠷᠲᠡᠬᠦ᠂ ᠬᠤᠪᠢᠷᠠᠭᠤᠯᠬᠤ ᠪᠠ ᠵᠣᠭᠰᠣᠭᠠᠬᠤ | ᠲᠤᠬᠠᠶ ︽ᠬᠠᠮᠢᠶᠠᠷᠤᠯᠲᠠ ᠶᠢᠨ ᠠᠷᠭ᠎ᠠ︾ ᠳᠤ᠂ ᠠᠩᠬ᠎ᠠ ᠤᠳᠠᠭ᠎ᠠ ᠭᠤᠶᠤᠴᠢᠯᠠᠨ ᠠᠪᠤᠭᠰᠠᠨ ᠨᠠᠰᠤᠲᠠᠶᠢᠴᠤᠳ | ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠭᠤᠶᠤᠴᠢᠯᠠᠯ ᠤᠨ ᠬᠦᠰᠦᠨᠦᠭᠲᠦ ᠪᠠᠨ ᠲᠤᠰᠢᠶᠠᠭᠰᠠᠨ ᠪᠥᠭᠡᠳ | ᠠᠪᠬᠤ ᠨᠠᠰᠤᠨ ᠳᠤ ᠨᠡᠶᠢᠴᠡᠭᠰᠡᠨ ᠲᠣᠰ ᠰᠠᠷ᠎ᠠ ᠠᠴᠠ ᠡᠬᠢᠯᠡᠨ ᠥᠨᠳᠥᠷ ᠨᠠᠰᠤᠨ ᠤ ᠨᠥᠬᠦᠪᠥᠷᠢ ᠮᠥᠩᠭᠦ ᠬᠦᠷᠲᠡᠨ᠎ᠡ | ᠭᠡᠵᠦ ᠲᠣᠳᠣᠷᠬᠠᠶ ᠲᠣᠭᠲᠠᠭᠠᠵᠠᠶ᠃ ᠥᠨᠳᠥᠷ ᠨᠠᠰᠤᠨ ᠤ ᠨᠡᠮᠡᠭᠦᠷᠢ ᠶᠢ ᠨᠢᠭᠡᠨᠲᠡ ᠬᠦᠷᠲᠡᠭᠰᠡᠨ ᠨᠠᠰᠤᠲᠠᠳ ᠤᠯᠠᠷᠢᠯ | ᠪᠦᠷᠢ ᠶᠢᠨ ᠰᠡᠭᠦᠯᠴᠢ ᠶᠢᠨ ᠰᠠᠷ᠎ᠠ - 20 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠤᠨ ᠲᠣᠭᠲᠠᠭᠠᠭᠰᠠᠨ ᠭᠡᠷᠡᠴᠢᠯᠡᠬᠦ ᠲᠠᠪᠴᠠᠩ ᠢᠶᠠᠷ ᠳᠠᠮᠵᠢᠭᠤᠯᠤᠨ ᠭᠡᠷᠡᠴᠢᠯᠡᠭᠰᠡᠨ ᠤ ᠳᠠᠷᠠᠭ᠎ᠠ ᠲᠤᠰ | ᠤᠯᠠᠷᠢᠯ ᠤᠨ ᠥᠨᠳᠥᠷ ᠨᠠᠰᠤᠨ ᠤ ᠨᠡᠮᠡᠭᠦᠷᠢ ᠠᠪᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠢ ᠵᠢᠯᠣᠭᠤᠳᠤᠨ ᠬᠠᠷᠢᠶ᠎ᠠ ᠲᠣᠭᠤᠷᠢᠭ ᠤᠨ ᠳᠣᠲᠣᠷᠠᠬᠢ | ᠥᠨᠳᠥᠷ ᠨᠠᠰᠤᠲᠠᠶ ᠨᠠᠰᠤᠲᠠᠶᠢᠴᠤᠳ ᠢ ᠬᠠᠪᠰᠤᠷᠴᠤ ᠭᠡᠷᠡᠴᠢᠯᠡᠭᠡ ᠪᠠᠨ ᠪᠡᠶᠡᠯᠡᠭᠦᠯᠬᠦ ᠬᠡᠷᠡᠭᠲᠡᠶ᠃ |