| | | | ᠲᠦᠷᠦᠭᠦᠬᠡᠨ᠂ ᠭᠦᠭᠡᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠬᠢᠨ ᠨᠢᠭᠡ ᠯᠡ ᠤᠳᠠᠭ᠎ᠠ ᠳᠤ | ᠭᠦᠢᠴᠡᠳᠬᠡᠬᠦ ᠠᠵᠢᠯ ᠤᠨ ᠬᠠᠭᠤᠳᠠᠰᠤ ᠶᠢ ᠣᠶᠤᠨᠴᠢ ᠪᠠᠷ ᠵᠠᠳᠠᠯᠬᠤ ᠰᠣᠹᠲ ᠢ ᠪᠡᠶ᠎ᠡ ᠪᠠᠨ ᠳᠠᠭᠠᠭᠠᠵᠤ ᠰᠤᠳᠤᠯᠤᠨ | ᠨᠡᠭᠡᠭᠡᠵᠦ᠂ ᠲᠣᠭᠠᠴᠢᠯᠠᠯᠲᠠ ᠪᠠᠷ ᠬᠡᠷᠡᠭᠯᠡᠭᠴᠢ ᠳᠤ ᠦᠢᠯᠡᠴᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢᠶᠠᠨ ᠨᠡᠮᠡᠭᠳᠡᠭᠦᠯᠵᠦ ᠪᠠᠶᠢᠨ᠎ᠠ᠃ | | | ᠣᠶᠢᠯᠠᠭᠠᠭᠰᠠᠨ ᠢᠶᠠᠷ᠂ ᠡᠨᠡ ᠵᠢᠯ ᠤᠨ1 ᠰᠠᠷ᠎ᠠ ᠠᠴᠠ ᠡᠬᠢᠯᠡᠨ᠂ ᠭᠦᠭᠡᠬᠤᠲᠠ ᠶᠢᠨ ᠴᠠᠭᠢᠯᠭᠠᠨ ᠬᠠᠩᠭᠠᠬᠤ | ᠺᠤᠮᠫᠠᠨᠢ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ ᠤᠨ | ᠬᠢᠨ ᠪᠡᠶ᠎ᠡ ᠪᠠᠨ ᠳᠠᠭᠠᠭᠠᠵᠤ ᠣᠯᠠᠨ ᠵᠦᠢᠯ ᠤᠨ ᠣᠶᠤᠨᠲᠤ ᠮᠠᠰᠢᠨ ᠬᠥᠮᠥᠨ ᠢ ᠰᠤᠳᠤᠯᠤᠨ ᠨᠡᠭᠡᠭᠡᠵᠦ ᠬᠡᠷᠡᠭᠯᠡᠭᠴᠢ ᠳᠤ | ᠦᠢᠯᠡᠴᠢᠯᠡᠬᠦ ᠠᠵᠢᠯ ᠳᠤ ᠣᠷᠣᠯᠴᠠᠭᠤᠯᠪᠠ᠃ ᠡᠭᠦᠨ ᠳᠤ 95598 ᠠᠦ᠋ᠲ᠋ᠣ᠋ ᠰᠠᠨᠠᠭᠤᠯᠤᠮᠵᠢ ᠶᠢᠨ ᠮᠠᠰᠢᠨ ᠬᠥᠮᠥᠨ᠂ | 95598 ᠴᠠᠭᠢᠯᠭᠠᠨ ᠬᠦᠴᠦᠨ ᠤ ᠴᠠᠬᠢᠮ ᠮᠡᠳᠡᠭᠡ ᠶᠢᠨ ᠰᠠᠨᠠᠭᠤᠯᠤᠮᠵᠢ ᠶᠢ ᠬᠤᠪᠢᠷᠠᠭᠤᠯᠬᠤ ᠡᠬᠡ ᠲᠠᠩᠰᠠ ᠶᠢ | ᠣᠶᠤᠨᠴᠢ ᠪᠠᠷ ᠭᠠᠷᠭᠠᠬᠤ ᠮᠠᠰᠢᠨ ᠬᠥᠮᠥᠨ ᠵᠢᠴᠢ ᠨᠢᠭᠡ ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ | ᠣᠶᠤᠨᠴᠢ ᠪᠠᠷ ᠵᠠᠳᠠᠯᠬᠤ ᠮᠠᠰᠢᠨ ᠬᠥᠮᠥᠨ ᠵᠡᠷᠭᠡ ᠰᠣᠹᠲ ᠢ ᠰᠤᠳᠤᠯᠤᠨ ᠨᠡᠭᠡᠭᠡᠵᠦ᠂ ᠲᠥᠷᠥᠯ ᠵᠦᠢᠯ ᠤᠨ ᠰᠤᠳᠤᠯᠤᠨ | ᠨᠡᠭᠡᠭᠡᠯᠲᠡ ᠨᠢ ᠡᠵᠡᠩᠨᠡᠨ ᠪᠣᠷᠣᠯᠠᠭᠤᠯᠬᠤ ᠰᠢᠰᠲ᠋ᠧᠮ ᠤᠨ ᠲᠡᠮᠳᠡᠭᠯᠡᠯ ᠢ ᠠᠦ᠋ᠲ᠋ᠣ᠋ ᠪᠠᠷ ᠰᠢᠨᠡᠳᠬᠡᠬᠦ᠂ 95598 | ᠠᠵᠢᠯ ᠤᠨ ᠬᠠᠭᠤᠳᠠᠰᠤ ᠶᠢ ᠰᠠᠨᠠᠭᠤᠯᠬᠤ᠂ 95598 ᠠᠵᠢᠯ ᠤᠨ ᠬᠠᠭᠤᠳᠠᠰᠤ ᠶᠢ ᠭᠦᠨᠵᠡᠭᠡᠢ ᠵᠠᠳᠠᠯᠬᠤ ᠵᠡᠷᠭᠡ | ᠴᠢᠳᠠᠮᠵᠢ ᠶᠢ ᠪᠦᠷᠢᠯᠳᠦᠭᠦᠯᠪᠡ᠃ ᠡᠨᠡ ᠨᠢ ᠲᠠᠷᠠᠭᠠᠴᠢ ᠶᠢᠨ ᠠᠯᠬᠤᠮ ᠳᠤ ᠭᠦᠭᠡᠬᠤᠲᠠ ᠶᠢᠨ ᠴᠠᠭᠢᠯᠭᠠᠨ ᠬᠠᠩᠭᠠᠬᠤ | ᠺᠤᠮᠫᠠᠨᠢ ᠶᠢᠨ ᠬᠡᠷᠡᠭᠯᠡᠭᠴᠢ ᠶᠢᠨ ᠲᠦᠭᠡᠮᠡᠯ ᠴᠢᠨᠠᠷᠲᠠᠢ ᠬᠡᠷᠡᠭᠴᠡᠭᠡ ᠱᠠᠭᠠᠷᠳᠠᠯᠭ᠎ᠠ ᠶᠢ ᠪᠠᠭᠠᠰᠬᠠᠬᠤ᠂ ᠲᠣᠪᠣᠶᠢᠮ᠎ᠠ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠳᠤ ᠡᠷᠴᠢᠮᠲᠡᠢ ᠲᠤᠭ᠎ᠠ ᠪᠠᠷᠢᠮᠲᠠ ᠶᠢᠨ ᠪᠠᠲᠤᠯᠠᠭ᠎ᠠ | ᠬᠠᠩᠭᠠᠬᠤ ᠪᠣᠯᠣᠨ᠎ᠠ᠃ | | | 3 ᠰᠠᠷ᠎ᠠ ᠶᠢᠨ ᠰᠡᠭᠦᠯᠴᠢ ᠪᠤᠯᠲᠠᠯ᠎ᠠ ᠭᠦᠭᠡᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ | ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ 95598 ᠨᠢᠭᠡ | ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ ᠨᠡᠶᠢᠲᠡ 20 ᠲᠦᠮᠡ ᠭᠠᠷᠤᠢ ᠬᠤᠪᠢ ᠰᠢᠢᠳᠪᠦᠷᠢᠯᠡᠵᠦ᠂ | ᠨᠢᠭᠡ ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ ᠣᠶᠤᠨᠴᠢ ᠪᠠᠷ ᠵᠠᠳᠠᠯᠬᠤ ᠮᠠᠰᠢᠨ ᠬᠥᠮᠥᠨ ᠤ | ᠰᠣᠹᠲ ᠤᠨ ᠣᠨᠴᠠᠯᠢᠭ ᠢ ᠠᠰᠢᠭᠯᠠᠨ ᠲᠤᠭ᠎ᠠ ᠪᠠᠷᠢᠮᠲᠠ ᠶᠢᠨ ᠲᠤᠯᠭᠠᠭᠤᠷᠢᠯᠠᠬᠤ ᠴᠢᠳᠠᠮᠵᠢ ᠶᠢ ᠭᠦᠢᠴᠡᠳ | ᠪᠠᠳᠠᠷᠠᠭᠤᠯᠪᠠ᠃ |