| | | | ᠣᠶᠢᠷ᠎ᠠ ᠶᠢᠨ ᠡᠳᠦᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠶᠢ ᠡᠭᠦᠳᠦᠭᠰᠡᠨ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠦᠢᠯᠡᠴᠢᠯᠡᠭᠡᠨ ᠤ ᠦᠷᠦᠭᠡ︾ ᠶᠡᠭᠡ ᠵᠣᠣ ᠠᠭᠤᠳᠠᠮ ᠲᠠᠯᠠᠪᠠᠶ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠡᠨᠡ ᠬᠦ | ᠣᠯᠠᠨ ᠴᠢᠳᠠᠮᠵᠢᠲᠤ ᠨᠡᠭᠦᠳᠡᠯ ᠦᠢᠯᠡᠴᠢᠯᠡᠭᠡᠨ ᠤ ᠲᠠᠪᠴᠠᠩ ᠨᠢ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ᠂ ᠠᠷᠠᠳ ᠲᠤ ᠲᠥᠭᠦᠮ ᠦᠵᠡᠭᠦᠯᠭᠦ᠂ ᠰᠣᠶᠣᠯ ᠵᠢᠭᠤᠯᠴᠢᠯᠠᠯ ᠤᠨ ᠦᠢᠯᠡᠴᠢᠯᠡᠭᠡ ᠶᠢ ᠨᠢᠭᠡ | ᠴᠣᠭᠴᠠᠵᠢᠭᠤᠯᠵᠤ᠂ ᠬᠤᠲᠠ ᠶᠢᠨ ᠠᠷᠠᠳ ᠪᠠ ᠵᠢᠭᠤᠯᠴᠢᠯᠠᠬᠰᠠᠳ ᠲᠤ ᠦᠢᠯᠡᠴᠢᠯᠡᠬᠦ ᠲᠠᠪᠴᠠᠩ ᠪᠣᠯᠵᠠᠢ᠃ | | | ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠦᠷᠦᠭᠡ︾ ᠨᠢ ᠬᠥᠬᠡ ᠪᠠ ᠴᠠᠭᠠᠨ | ᠥᠩᠭᠡ ᠪᠠᠷ ᠭᠤᠣᠯᠯᠠᠭᠤᠯᠵᠤ᠂ ᠮᠠᠰᠢᠨ ᠲᠡᠷᠭᠡᠨ ᠤ ᠡᠮᠦᠨ᠎ᠡ ᠬᠤᠶᠢᠨ᠎ᠠ ᠲᠠᠯ᠎ᠠ ᠪᠠ ᠮᠠᠰᠢᠨ ᠲᠡᠷᠭᠡᠨ ᠤ ᠣᠷᠣᠢ ᠳᠡᠭᠡᠷ᠎ᠡ | LED ᠳᠡᠯᠭᠡᠴᠡ ᠲᠣᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠸᠢᠳᠢᠤ᠋ ᠪᠠ ᠰᠡᠷᠡᠮᠵᠢᠯᠡᠭᠦᠯᠭᠦ | ᠤᠬᠠᠭᠤᠯᠭ᠎ᠠ ᠶᠢ ᠡᠷᠭᠢᠯᠳᠦᠭᠦᠯᠦᠨ ᠨᠡᠪᠲᠡᠷᠡᠭᠦᠯᠦᠨ᠎ᠡ᠃ ᠮᠠᠰᠢᠨ ᠲᠡᠷᠭᠡᠨ ᠤ ᠳᠤᠮᠳᠠ ᠬᠡᠰᠡᠭ ᠲᠤ ᠨᠡᠭᠡᠭᠡᠯᠲᠡᠲᠤ | ᠮᠠᠶ᠋ᠢᠭ ᠤᠨ ᠦᠢᠯᠡᠴᠢᠯᠡᠭᠡᠨ ᠤ ᠴᠣᠩᠬᠤ ᠭᠠᠷᠭᠠᠵᠤ᠂ ︽ᠣᠶᠤᠨᠴᠢ︾ ᠬᠡᠯᠡᠨ ᠤ ᠲᠤᠰᠠᠯᠠᠭᠴᠢ ᠠᠴᠠ ᠬᠤᠲᠠ ᠶᠢᠨ ᠠᠷᠠᠳ | ᠪᠠ ᠵᠢᠭᠤᠯᠴᠢᠯᠠᠬᠰᠡᠳ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠤᠨ ᠲᠤᠬᠠᠢ ᠠᠰᠠᠭᠤᠯᠳᠠ ᠳᠤ ᠴᠠᠭ ᠲᠤᠬᠠᠢ | ᠳᠤᠨᠢ ᠬᠠᠷᠢᠭᠤᠯᠲᠠ ᠥᠭᠭᠦᠨ᠎ᠡ᠃ | | | ᠲᠤᠰ ᠮᠠᠰᠢᠨ ᠲᠡᠷᠭᠡᠨ ᠤ ᠥᠷᠥᠭᠡᠨ ᠳᠣᠲᠣᠷ᠎ᠠ ᠵᠢᠷᠭᠤᠭᠠᠨ ᠴᠢᠳᠠᠮᠵᠢᠲᠤ ᠲᠣᠭᠤᠷᠢᠭ ᠬᠤᠪᠢᠶᠠᠵᠤ᠂ | ᠬᠤᠲᠠ ᠶᠢᠨ ᠠᠷᠠᠳ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠵᠠᠮ ᠬᠠᠷᠢᠯᠴᠠᠭᠠᠨ ᠤ | ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ ᠲᠤ ᠡᠯ᠎ᠡ ᠵᠦᠢᠯ ᠤᠨ ᠭᠠᠷ ᠳᠡᠪᠲᠡᠷ ᠢ ᠳᠡᠯᠭᠡᠨ ᠦᠵᠡᠭᠦᠯᠵᠦ᠂ | ᠳᠣᠭᠢᠶᠠᠨ ᠳ᠋ᠧᠩ ᠤᠨ ᠲᠡᠮᠳᠡᠭ ᠬᠢᠭᠡᠳ ᠵᠢᠯᠤᠭᠤᠳᠬᠤ ᠤᠷ᠎ᠠ ᠮᠡᠷᠭᠡᠵᠢᠯ ᠢ ᠲᠠᠶᠢᠯᠪᠤᠷᠢᠯᠠᠨᠡ; ᠮᠠᠰᠢᠨ ᠲᠡᠷᠭᠡᠨ ᠤ | ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠣᠭᠤᠷᠢᠭ ᠲᠤ ᠵᠢᠯᠣᠭᠤᠴᠢ ᠶᠢᠨ | ᠦᠨᠡᠮᠯᠡᠯ ᠢ ᠬᠠᠯᠠᠬᠤ ᠪᠠ ᠨᠥᠬᠦᠪᠦᠷᠢᠯᠡᠬᠦ᠂ ᠮᠠᠰᠢᠨ ᠲᠡᠷᠭᠡ ᠵᠢᠯᠤᠭᠤᠳᠬᠤ ᠦᠨᠡᠮᠯᠡᠯ ᠤᠨ ᠲᠤᠬᠠᠶᠢᠯᠠᠭᠰᠠᠨ ᠠᠵᠢᠯ ᠵᠡᠷᠭᠡ | 38 ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠤᠯᠤᠨ᠎ᠠ; ᠡᠳ᠋ ᠪᠣᠳᠠᠰ ᠬᠠᠳᠠᠭᠠᠯᠠᠬᠤ ᠪᠠ | ᠰᠢᠤᠳᠠᠨ ᠢᠶᠠᠷ ᠢᠯᠡᠭᠡᠬᠦ ᠲᠣᠭᠤᠷᠢᠭ ᠲᠤ ᠵᠢᠭᠤᠯᠴᠢᠯᠠᠬᠰᠠᠳ ᠳᠤᠷᠠᠰᠬᠠᠯ ᠤᠨ ᠪᠣᠳᠠᠰ ᠬᠠᠳᠠᠭᠠᠯᠠᠬᠤ ᠪᠤᠶᠤ | ᠰᠢᠤᠳᠠᠨ ᠢᠶᠠᠷ ᠢᠯᠡᠭᠡᠵᠦ ᠪᠤᠯᠣᠨ᠎ᠠ; ᠬᠤᠲᠠ ᠶᠢᠨ ᠠᠷᠠᠳ ᠤᠨ ᠠᠮᠠᠷᠠᠬᠤ ᠲᠣᠭᠤᠷᠢᠭ ᠲᠤ ᠵᠥᠭᠡᠯᠡᠨ ᠰᠠᠭᠤᠳᠠᠯ᠂ | ᠤᠤᠭᠤᠬᠤ ᠤᠰᠤᠨ ᠤ ᠦᠢᠯᠡᠴᠢᠯᠡᠭᠡ ᠬᠠᠩᠭᠠᠨ᠎ᠠ; ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠲᠣᠭᠤᠷᠢᠭ ᠲᠤ ᠪᠠᠴᠢᠮ ᠠᠪᠤᠷᠠᠬᠤ ᠡᠮ ᠤᠨ ᠬᠠᠶᠢᠷᠴᠠᠭ ᠪᠠ ᠮᠠᠰᠢᠨ ᠲᠡᠷᠭᠡ ᠶᠢ ᠰᠡᠯᠪᠢᠨ ᠵᠠᠰᠠᠬᠤ ᠪᠠᠭᠠᠵᠢ | ᠬᠡᠷᠡᠭᠰᠡᠯ ᠢ ᠪᠡᠯᠡᠳᠬᠡᠵᠦ᠂ ᠭᠡᠨᠡᠳᠲᠡ ᠶᠢᠨ ᠪᠠᠶᠢᠳᠠᠯ ᠢ ᠠᠷᠭᠠᠴᠠᠭᠠᠨ᠎ᠠ; ᠰᠣᠶᠣᠯ ᠵᠢᠭᠤᠯᠴᠢᠯᠠᠯ ᠤᠨ ᠵᠢᠯᠣᠭᠤᠳᠤᠨ | ᠰᠢᠢᠳᠪᠦᠷᠢᠯᠡᠬᠦ ᠲᠣᠭᠤᠷᠢᠭ ᠲᠤ ᠦᠵᠡᠮᠵᠢ ᠶᠢᠨ ᠣᠷᠣᠨ᠂ ᠠᠮᠲᠠᠲᠤ ᠢᠳᠡᠭᠡᠨ ᠢ ᠲᠠᠨᠢᠯᠴᠠᠭᠤᠯᠵᠤ᠂ | ᠵᠢᠭᠤᠯᠴᠢᠯᠠᠬᠰᠠᠳ ᠤᠨ ᠭᠦᠭᠡᠬᠤᠲᠠ ᠶᠢᠨ ᠷᠢᠳᠢ ᠰᠢᠳᠢ ᠶᠢ ᠭᠦᠨᠵᠡᠭᠡᠢ ᠣᠶᠢᠯᠠᠭᠠᠬᠤ ᠳᠤ ᠬᠦᠴᠦᠨ ᠨᠡᠮᠡᠷᠢᠯᠡᠨ᠎ᠡ᠃ | |