| ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠸᠠᠩ ᠰᠢᠦ ᠵᠢᠤᠸᠠᠨ︶ ᠣᠶᠢᠷ᠎ᠠ ᠳᠤ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2025 ᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢ ᠲᠤᠰᠠᠯᠠᠬᠤ ᠪᠡᠯᠡ ᠮᠥᠩᠭᠦ 7218.20 ᠲᠦᠮᠡᠨ ᠲᠥᠭᠦᠷᠢᠭ ᠪᠠᠭᠤᠯᠭᠠᠵᠤ᠂ | 23153 ᠰᠤᠷᠤᠭᠴᠢ ᠲᠤᠰᠠᠯᠠᠮᠵᠢ ᠬᠦᠷᠲᠡᠪᠡ᠃ | | | ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠤ ᠪᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠤᠯᠤᠰ ᠤᠨ ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ ᠶᠢᠨ ᠲᠥᠷᠥ ᠶᠢᠨ | ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠦᠨᠳᠦᠰᠦᠯᠡᠨ᠂ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠯᠤᠰ ᠤᠨ | ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠬᠠᠮᠲᠤ | ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠦᠬᠦᠯᠢ ᠡᠳᠦᠷ ᠤᠨ ᠳᠦᠷᠢᠮᠲᠦ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠭᠤᠷᠪᠠᠳᠤᠭᠠᠷ ᠣᠨ ᠤ ᠪᠥᠬᠦ ᠮᠠᠯᠵᠢᠬᠤ | ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠰᠤᠷᠤᠭᠴᠢ ᠵᠢᠴᠢ | ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠤᠷᠤᠭᠴᠢ ᠪᠣᠯᠣᠨ ᠭᠡᠷ ᠪᠦᠯᠢ ᠶᠢᠨ ᠠᠵᠤ | ᠠᠬᠤᠢ ᠨᠢ ᠬᠦᠴᠢᠷᠳᠡᠯᠲᠡᠢ ᠰᠤᠷᠤᠭᠴᠢᠳ ᠢ ᠤᠯᠤᠰ ᠤᠨ ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ ᠶᠢᠨ | ᠵᠣᠭᠤᠰ ᠢᠶᠠᠷ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠪᠦᠬᠦᠯᠢ ᠡᠳᠦᠷ ᠤᠨ ᠳᠦᠷᠢᠮᠲᠦ ᠵᠢᠩᠬᠢᠨᠢ | ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠷ ᠭᠤᠷᠪᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠢ | ᠮᠡᠷᠭᠡᠵᠢᠯ ᠪᠠ ᠲᠠᠷᠢᠶᠠᠯᠠᠩ ᠳᠤ ᠬᠤᠯᠪᠣᠭᠳᠠᠬᠤ ᠦᠭᠡᠢ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ | ᠬᠦᠴᠢᠷᠳᠡᠯᠲᠡᠢ ᠰᠣᠷᠣᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠶᠢᠨ ᠲᠣᠭᠤᠷᠢᠭ ︵ᠷᠠᠰᠢᠶᠠᠨ | ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ | ᠵᠠᠯᠠᠶᠢᠳ ᠬᠤᠰᠢᠭᠤ᠂ ᠲᠦᠴᠢᠦᠸᠠᠨ ᠰᠢᠶᠠᠨ︶᠂ ᠶᠠᠨᠱᠠᠨ - ᠲᠠᠢ ᠬᠠᠩ ᠠᠭᠤᠯᠠᠷᠬᠠᠭ ᠣᠷᠣᠨ ︵ᠬᠤᠸᠠᠳᠧ | ᠰᠢᠶᠠᠨ᠂ ᠰᠢᠩ ᠾᠧ ᠰᠢᠶᠠᠨ︶ ᠤ ᠬᠥᠳᠡᠭᠡ ᠲᠣᠰᠬᠤᠨ ︵ᠰᠢᠶᠠᠨ ᠤ ᠬᠤᠲᠠ ᠪᠠᠭᠲᠠᠬᠤ ᠦᠭᠡᠢ︶ ᠤ ᠰᠣᠷᠣᠭᠴᠢ ᠳᠤ | ᠵᠢᠯ ᠪᠦᠷᠢ 2000 ᠲᠥᠭᠦᠷᠢᠭ ᠪᠠᠶᠢᠭᠰᠠᠨ ᠠᠴᠠ 2300 ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠣᠳᠠᠲᠠᠢ | ᠪᠠᠷᠢᠮᠵᠢᠶ᠎ᠠ ᠶᠢ ᠡᠯ᠎ᠡ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ 1200 - 3500 ᠲᠥᠭᠦᠷᠢᠭ ᠤᠨ | ᠬᠡᠪᠴᠢᠶᠡᠨ ᠳᠤ ᠲᠣᠭᠲᠠᠭᠠᠵᠤ᠂ 2 - 3 ᠲᠠᠰ ᠬᠤᠪᠢᠶᠠᠵᠤ ᠪᠣᠯᠣᠨ᠎ᠠ︔ ᠪᠤᠰᠤᠳ ᠰᠤᠷᠤᠭᠴᠢᠳ ᠢ ᠲᠤᠰᠠᠯᠠᠬᠤ | ᠪᠠᠷᠢᠮᠵᠢᠶ᠎ᠠ ᠨᠢ ᠰᠣᠷᠣᠭᠴᠢ ᠨᠢᠭᠡᠪᠦᠷᠢ ᠳᠤ ᠵᠢᠯ ᠪᠦᠷᠢ 1500 ᠲᠥᠭᠦᠷᠢᠭ ᠪᠣᠯᠣᠨ᠎ᠠ᠃ |