| | | | ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠠᠴᠠ ᠡᠵᠡᠩᠨᠡᠵᠦ ᠪᠠᠶᠢᠭ᠎ᠠ ᠲᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ | ᠬᠦᠷᠢᠶᠡᠯᠡᠩ ᠳᠤ ᠵᠢᠭᠤᠯᠴᠢᠯᠠᠬᠰᠠᠳ ᠣᠯᠠᠰᠢᠷᠠᠵᠤ᠂ ᠴᠡᠴᠡᠷᠯᠢᠭ ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡ ᠶᠢᠨ | ᠠᠳᠠᠯᠢ ᠬᠤᠭᠤᠴᠠᠭᠠᠨ ᠤ ᠲᠡᠮᠳᠡᠭᠯᠡᠯ ᠢ ᠤᠳᠠᠭ᠎ᠠ ᠳᠠᠷᠠᠭᠠᠯᠠᠨ ᠰᠢᠨᠡᠳᠬᠡᠪᠡ᠃ | | | ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠬᠢᠨ ᠨᠢᠳᠤᠨᠤᠨ ᠠᠴᠠ ᠵᠠᠬ᠎ᠠ | ᠳᠡᠯᠭᠡᠭᠦᠷᠴᠢᠯᠡᠨ ᠡᠵᠡᠩᠨᠡᠬᠦ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠴᠠᠭ ᠤᠯᠠᠷᠢᠯ ᠲᠠᠢ | ᠤᠶᠠᠯᠳᠤᠭᠤᠯᠤᠨ᠂ ᠪᠠᠶᠠᠷ ᠤᠨ ᠡᠳᠦᠷ ᠲᠤ ᠵᠣᠷᠢᠭᠤᠯᠵᠤ ᠣᠯᠠᠨ ᠲᠠᠯᠠᠪᠠᠢ ᠥᠪᠡᠷᠮᠢᠴᠡ ᠣᠨᠴᠠᠯᠢᠭ ᠲᠠᠢ ᠭᠤᠣᠯ | ᠰᠡᠳᠦᠪᠲᠦ ᠠᠵᠢᠯᠯᠠᠭ᠎ᠠ ᠥᠷᠨᠢᠭᠦᠯᠵᠦ ᠵᠢᠭᠤᠯᠴᠢᠯᠠᠬᠰᠠᠳ ᠤᠨ ᠬᠦᠷᠢᠶᠡᠯᠡᠯ ᠢ ᠣᠯᠵᠠᠢ᠃ ᠲᠦᠷᠦᠭᠦᠬᠡᠨ ᠶᠠᠪᠤᠭᠳᠠᠭᠰᠠᠨ | ︽ᠬᠤᠶᠠᠳᠤᠭᠠᠷ ᠬᠤᠭᠤᠴᠠᠭᠠᠨ ᠤ ᠳᠠᠯᠠᠨ ᠬᠠᠷ᠎ᠠ ᠠᠭᠤᠯᠠ ᠶᠢᠨ ᠭᠠᠶᠢᠬᠠᠮᠰᠢᠭᠲᠤ ᠠᠮᠢᠲᠠᠨ ᠤ ᠠᠶᠠᠯᠠᠯ︾ ᠭᠤᠣᠯ | ᠰᠡᠳᠦᠪᠲᠦ ᠠᠵᠢᠯᠯᠠᠭ᠎ᠠ ᠶᠢᠨ ᠬᠤᠭᠤᠴᠠᠭᠠᠨ ᠳᠤ ᠨᠡᠶᠢᠳᠡ 9.1 ᠲᠦᠮᠡ ᠭᠠᠷᠤᠢ ᠵᠢᠭᠤᠯᠴᠢᠯᠠᠭᠴᠢ ᠶᠢ ᠭᠥᠯᠢᠶᠡᠨ | ᠠᠪᠴᠤ᠂ ᠬᠠᠩᠰᠢ ᠶᠢᠨ ᠠᠮᠠᠷᠠᠯᠲᠠ ᠶᠢᠨ ᠭᠤᠷᠪᠠᠭ᠋ᠠᠨ ᠡᠳᠦᠷ ᠲᠤ 73140 ᠵᠢᠭᠤᠯᠴᠢᠯᠠᠭᠴᠢ ᠶᠢ ᠭᠥᠯᠢᠶᠡᠨ ᠠᠪᠴᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 73.35% ᠪᠠᠷ ᠨᠡᠮᠡᠭᠳᠡᠨ᠂ ᠴᠡᠴᠡᠷᠯᠢᠭ | ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡ ᠶᠢᠨ ᠠᠳᠠᠯᠢ ᠬᠤᠭᠤᠴᠠᠭᠠᠨ ᠤ ᠲᠡᠮᠳᠡᠭᠯᠡᠯ ᠢ ᠰᠢᠨᠡᠳᠬᠡᠪᠡ᠃ ᠡᠨᠡ | ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ ᠵᠢᠭᠤᠯᠴᠢᠯᠠᠬᠰᠠᠳ ᠲᠤ ᠨᠠᠩ ᠣᠯᠠᠨ ᠰᠢᠨ᠎ᠡ ᠲᠥᠷᠥᠭᠳᠡᠯ | ᠣᠯᠭᠤᠬᠤ ᠶᠢᠨ ᠲᠥᠯᠥᠭᠡ ᠡᠩᠬᠦᠷᠡᠢ ᠠᠮᠢᠳᠠᠨ ᠤ ᠴᠡᠩᠭᠡᠯ ᠤᠨ ᠬᠦᠷᠢᠶᠡᠯᠡᠩ ᠢ ᠨᠡᠭᠡᠭᠡᠵᠦ᠂ ᠠᠮᠢᠲᠠᠨ ᠤ | ᠬᠦᠷᠢᠶᠡᠯᠡᠩ ᠤᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ ᠢᠶᠠᠨ ᠲᠠᠰ ᠳᠡᠪᠰᠢᠭᠦᠯᠦᠭᠰᠡᠨ ᠪᠠᠶᠢᠨ᠎ᠠ᠃ | | | ᠰᠢᠷᠢᠰ ᠭᠤᠣᠯ ᠰᠡᠳᠦᠪᠲᠦ ᠠᠵᠢᠯᠯᠠᠭ᠎ᠠ ᠨᠢ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ | ᠬᠦᠷᠢᠶᠡᠯᠡᠩ ᠤᠨ ᠰᠢᠨ᠎ᠡ ᠶᠢ ᠡᠭᠦᠳᠬᠦ ᠡᠵᠡᠩᠨᠡᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠪᠤᠯᠬᠤ ᠪᠠᠷ ᠪᠠᠷᠠᠬᠤ | ᠦᠭᠡᠢ ᠨᠡᠩ ᠴᠤ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠃ ᠲᠤᠰ | ᠬᠦᠷᠢᠶᠡᠯᠡᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠰᠣᠶᠣᠯ︾ ᠤᠨ ᠬᠤᠣᠰ ᠭᠦᠳᠡᠯᠭᠡᠭᠦᠷᠳᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ ᠢ ᠪᠠᠶᠠᠯᠢᠭ ᠰᠠᠶᠢᠬᠠᠨ | ᠠᠵᠢᠯᠯᠠᠭ᠎ᠠ ᠳᠤ ᠤᠷᠤᠯᠴᠠᠭᠤᠯᠬᠤ ᠶᠢᠨ ᠬᠠᠮᠲᠤ ᠪᠠᠰᠠ ᠣᠳᠣᠬᠢᠴᠢᠯᠠᠭᠰᠠᠨ ᠬᠠᠮᠢᠶᠠᠷᠤᠯᠲᠠ ᠪᠠ ᠭᠦᠨ ᠵᠤᠵᠠᠭᠠᠨ | ᠰᠣᠶᠣᠯ ᠤᠨ ᠠᠭᠤᠯᠤᠭᠳᠠᠬᠤᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠡᠢ᠃ ᠲᠤᠰ ᠬᠦᠷᠢᠶᠡᠯᠡᠩ ᠤᠨ ᠨᠢᠮᠪᠠᠢ | ᠴᠣᠭᠴᠠᠯᠠᠭᠰᠠᠨ ᠮᠠᠯᠤᠷ ᠦᠳᠡᠭᠡ ᠬᠤᠭᠤᠯᠠᠨ ᠭᠡᠷ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ | ᠳᠡᠯᠭᠡᠨ ᠪᠣᠷᠤᠯᠠᠭᠤᠯᠭ᠎ᠠ᠂ ᠮᠧᠩ ᠽᠦᠢ ᠭᠡᠷ ᠪᠦᠯᠢ ᠶᠢᠨ ᠴᠡᠩᠭᠡᠯ ᠤᠨ ᠬᠦᠷᠢᠶᠡᠯᠡᠩ᠂ ︽ᠴᠢᠩ ᠴᠢᠩ ᠸᠠᠩ ᠴᠧᠩ︾ | ᠰᠢᠷᠢᠰ ᠳᠦᠷᠢ ᠪᠠ ᠵᠦᠴᠦᠭᠡ ᠵᠢᠴᠢ ᠳᠠᠭᠠᠯᠲᠠ ᠪᠦᠲᠦᠭᠡᠭᠳᠡᠬᠦᠨ ᠪᠤᠯᠬᠤ ︽ᠳᠠᠯᠠᠨ ᠬᠠᠷ᠎ᠠ ᠠᠭᠤᠯᠠ ᠶᠢᠨ ᠠᠮᠢᠲᠠᠨ ᠤ | ᠸᠠᠩᠲᠤ ᠤᠯᠤᠰ ᠫᠠᠰᠫᠣᠷᠲ︾᠂ ᠰᠣᠷᠢᠨᠵᠢᠨ ᠨᠠᠭᠠᠯᠲᠠ ᠵᠡᠷᠭᠡ ᠨᠢ ᠬᠤᠲᠠ ᠶᠢᠨ ᠠᠷᠠᠳ ᠪᠣᠯᠣᠨ | ᠵᠢᠭᠤᠯᠴᠢᠯᠠᠬᠰᠠᠳ ᠤᠨ ᠬᠠᠯᠠᠭᠤᠨ ᠬᠦᠷᠢᠶᠡᠯᠡᠯ ᠢ ᠣᠯᠵᠠᠢ᠃ ᠡᠭᠦᠨ ᠤ ᠬᠠᠮᠲᠤ ᠠᠮᠢᠲᠠᠨ ᠬᠢᠭᠡᠳ ᠠᠮᠢ ᠠᠬᠤᠢ ᠶᠢᠨ | ᠬᠠᠮᠠᠭᠠᠯᠠᠯᠲᠠ ᠶᠢ ᠳᠡᠭᠡᠳᠦᠯᠡᠨ ᠥᠭᠡᠷᠡᠴᠢᠯᠡᠯᠲᠡ ᠶᠢᠨ ᠳᠤᠮᠳᠠ ᠪᠠᠨ ᠠᠮᠢᠲᠠᠨ ᠤ ᠤᠯᠠᠮᠵᠢᠯᠠᠯᠲᠤ ᠲᠣᠬᠯᠠᠯᠲᠠ ᠶᠢ | ᠲᠠᠶᠠᠭᠳᠠᠵᠤ᠂ ᠠᠮᠢᠳᠠᠨ ᠰᠣᠨᠢᠷᠬᠠᠬᠤ ᠲᠣᠭᠤᠷᠢᠭ ᠲᠤ ᠭᠦᠨᠵᠡᠭᠡᠢ ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠭᠡᠯᠪᠡᠷᠢ ᠪᠠᠷ | ᠳᠠᠮᠵᠢᠭᠤᠯᠤᠨ ᠵᠢᠭᠤᠯᠴᠢᠯᠠᠬᠰᠠᠳ ᠲᠤ ᠬᠡᠭᠡᠷ᠎ᠡ ᠶᠢᠨ ᠠᠮᠢᠲᠠᠨ ᠤ ᠲᠥᠷᠥᠯᠬᠢ ᠴᠢᠨᠠᠷ ᠢ ᠮᠡᠳᠡᠭᠦᠯᠵᠦ᠂ ᠠᠮᠢᠳᠠᠨ | ᠠᠷᠢᠶᠠᠲᠠᠨ ᠤ ᠪᠠᠶᠢᠭᠠᠯᠢᠯᠢᠭ ᠮᠥᠨ ᠴᠢᠨᠠᠷ ᠢ ᠨᠢ ᠪᠦᠳᠦᠮᠵᠢᠳᠠᠢ ᠬᠠᠮᠠᠭᠠᠯᠠᠪᠠ᠃ | | | ᠭᠦᠭᠡᠬᠤᠳᠠ ᠶᠢᠨ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠳᠠᠬᠢ ᠠᠮᠢᠲᠠᠨ ᠤ | ᠲᠥᠷᠥᠯ ᠵᠦᠢᠯ ᠨᠢ 78 ᠵᠦᠢᠯ ᠪᠠᠶᠢᠭᠰᠠᠨ ᠠᠴᠠ ᠪᠠᠨ ᠤᠳᠤ 108 ᠵᠦᠢᠯ ᠪᠣᠯᠵᠤ ᠨᠡᠮᠡᠭᠳᠡᠨ᠂ ᠲᠤᠭ᠎ᠠ ᠬᠡᠮᠵᠢᠶ᠎ᠡ | ᠨᠢ 988 ᠪᠠᠶᠢᠭᠰᠠᠨ ᠠᠴᠠ ᠪᠠᠨ 1130 ᠪᠣᠯᠣᠨ ᠨᠡᠮᠡᠭᠳᠡᠵᠦ᠂ ᠥᠪᠥᠷ ᠮᠣᠩᠭᠤᠯ ᠤᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠠᠢ ᠬᠠᠮᠲᠤᠷᠠᠨ ᠬᠤᠯᠠᠨ ᠪᠣᠶᠢᠵᠢᠭᠤᠯᠬᠤ ᠲᠥᠷᠥᠯ ᠵᠦᠢᠯ ᠢ ᠡᠷᠭᠢᠯᠡᠨ | ᠬᠢᠵᠦ᠂ ᠬᠡᠭᠡᠷ᠎ᠡ ᠶᠢᠨ ᠠᠮᠢᠲᠠᠨ ᠤ ᠬᠦᠷᠢᠶᠡᠯᠡᠩ ᠢ ︽ᠰᠣᠨᠢᠷᠬᠠᠬᠤ︾ ᠠᠴᠠ ︽ᠬᠠᠮᠠᠭᠠᠯᠠᠬᠤ + ᠰᠢᠨᠵᠢᠯᠡᠬᠦ ᠤᠬᠠᠭᠠᠨ ᠤ | ᠰᠤᠳᠤᠯᠭᠠᠨ︾ ᠲᠡᠶᠢᠰᠢ ᠲᠠᠰ ᠳᠡᠪᠰᠢᠭᠦᠯᠪᠡ᠃ ᠭᠦᠭᠡᠬᠤᠳᠠ ᠶᠢᠨ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ | ᠠᠮᠢᠲᠠᠨ ᠤ ᠬᠦᠷᠢᠶᠡᠯᠡᠩ ᠪᠠᠰᠠ ᠪᠦᠭᠦ ᠤᠯᠠᠷᠢᠯ ᠤᠨ ᠰᠣᠶᠣᠯ ᠵᠢᠭᠤᠯᠴᠢᠯᠠᠯ ᠤᠨ ᠠᠮᠢ ᠠᠬᠤᠢ ᠶᠢᠨ ᠲᠣᠭᠤᠷᠢᠭ ᠢ | ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ |