| | | | ᠰᠠᠶᠢᠬᠠᠨ ᠲᠣᠭᠤᠷᠢᠭ ᠤᠨ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠨᠡᠶᠢᠲᠡ 4.5 ᠲᠦᠮᠡᠨ ᠮᠦ ᠬᠡᠷᠡᠭᠵᠢᠭᠦᠯᠵᠦ᠂ ᠡᠭᠦᠨ ᠳᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 2.82 ᠲᠦᠮᠡᠨ ᠮᠦ | ᠰᠢᠨ᠎ᠡ ᠪᠠᠷ ᠪᠠᠶᠢᠭᠤᠯᠵᠤ᠂ 1.68 ᠲᠦᠮᠡᠨ ᠮᠦ ᠲᠥᠷᠥᠯ ᠵᠦᠢᠯ ᠢ ᠳᠡᠭᠡᠭᠰᠢᠯᠡᠭᠦᠯᠦᠨ ᠥᠭᠡᠷᠡᠴᠢᠯᠡᠪᠡ︔ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.1467 ᠳ᠋ᠦᠩᠰᠢᠭᠤᠷ ᠲᠥᠭᠦᠷᠢᠭ᠂ ᠶᠢᠨ ᠾᠧ ᠪᠠᠯᠭᠠᠰᠤ᠂ ᠬᠤᠸᠠᠩ | ᠾᠧ ᠪᠠᠯᠭᠠᠰᠤ᠂ ᠢᠦᠢ ᠯᠢᠨ ᠪᠠᠯᠭᠠᠰᠤ ᠵᠢᠴᠢ ᠪᠠᠶᠠᠨ ᠵᠡᠭᠡᠯᠢ ᠭᠤᠳᠤᠮᠵᠢ ᠨᠡᠶᠢᠲᠡ 15 ᠵᠠᠰᠠᠭ ᠵᠠᠬᠢᠷᠭᠠᠨ ᠤ | ᠲᠣᠰᠬᠤᠨ ︵ᠳ᠋ᠠ ᠢ ᠵᠢᠶᠠᠨ ᠹᠠᠩ ᠲᠣᠰᠬᠤᠨ᠂ ᠨᠡᠭᠡᠨᠪᠦ᠋ᠬᠡ ᠲᠣᠰᠬᠤᠨ᠂ ᠭᠧᠮᠪᠷᠢᠨ ᠲᠣᠰᠬᠤᠨ᠂ ᠱᠠ ᠯᠢᠶᠠᠩ ᠲᠣᠰᠬᠤᠨ᠂ | ᠰᠤᠮᠤᠨ ᠤ ᠴᠢᠨ ᠲᠣᠰᠬᠤᠨ᠂ ᠢᠦᠢ ᠯᠢᠨ ᠲᠣᠰᠬᠤᠨ᠂ ᠾᠧᠨᠠᠨ ᠲᠣᠰᠬᠤᠨ᠂ ᠴᠤᠤᠲᠠᠢ ᠲᠣᠰᠬᠤᠨ᠂ ᠱᠠᠪᠠᠭ᠋ᠠᠢ | ᠲᠣᠰᠬᠤᠨ᠂ ᠰᠢᠨ ᠵᠤᠸᠠᠩ ᠲᠣᠰᠬᠤᠨ ᠵᠢᠴᠢ ᠲᠡᠭᠦᠨ ᠤ ᠵᠢᠷᠤᠭ᠎ᠠ ᠲᠣᠰᠬᠤᠨ︶ ᠲᠤ ᠬᠤᠯᠪᠣᠭᠳᠠᠵᠠᠢ᠃ ᠲᠥᠷᠥᠯ | ᠵᠦᠢᠯ ᠤᠨ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠣᠯ ᠨᠢᠭᠡ ᠴᠣᠭᠴᠠᠵᠢᠭᠤᠯᠤᠭᠰᠠᠨ | ᠠᠩᠬᠠᠳᠠᠭᠴᠢ ᠢᠨᠵᠧᠨᠧᠷᠢᠩ᠂ ᠲᠣᠮᠣ ᠲᠠᠷᠢᠶᠠᠨ ᠤ ᠳᠤᠰᠤᠯᠭᠠᠨ ᠤᠰᠤᠯᠠᠬᠤ ᠲᠥᠷᠥᠯ ᠵᠦᠢᠯ᠂ ᠬᠥᠷᠥᠰᠥ ᠰᠢᠷᠣᠢ ᠶᠢ | ᠰᠠᠶᠢᠵᠢᠷᠠᠭᠤᠯᠬᠤ ᠲᠥᠷᠥᠯ ᠵᠦᠢᠯ ᠵᠢᠴᠢ ᠲᠠᠷᠢᠶᠠᠨ ᠭᠠᠵᠠᠷ ᠤᠨ ᠵᠠᠮ᠂ ᠲᠠᠷᠢᠶᠠᠯᠠᠩ ᠤᠨ ᠴᠠᠬᠢᠯᠭᠠᠨ ᠢ ᠴᠡᠭᠴᠡᠯᠡᠨ | ᠵᠠᠰᠠᠬᠤ ᠲᠥᠷᠥᠯ ᠵᠦᠢᠯ ᠪᠣᠯᠣᠨ᠎ᠠ᠂ ᠲᠣᠰ ᠲᠥᠷᠥᠯ ᠵᠦᠢᠯ ᠢ 2024 ᠣᠨ ᠤ 3 ᠰᠠᠷ᠎ᠠ ᠶᠢᠨ 23 ᠤ ᠡᠳᠦᠷ | ᠵᠢᠩᠬᠢᠨᠢ ᠪᠠᠷ ᠡᠬᠢᠯᠡᠭᠦᠯᠵᠦ᠂ 2024 ᠣᠨ ᠤ 11 ᠰᠠᠷ᠎ᠠ ᠶᠢᠨ 20 ᠤ ᠡᠳᠦᠷ ᠪᠣᠯᠲᠠᠯ᠎ᠠ ᠪᠣᠶ ᠪᠦᠬᠦᠢ ᠲᠥᠷᠥᠯ | ᠵᠦᠢᠯ ᠢ ᠨᠢᠭᠡᠨᠲᠡ ᠪᠦᠬᠦᠨ ᠢ ᠳᠠᠭᠤᠰᠬᠠᠵᠤ᠂ ᠡᠯ᠎ᠡ ᠵᠦᠢᠯ ᠤᠨ ᠪᠠᠷᠢᠯᠭ᠎ᠠ ᠶᠢᠨ ᠲᠥᠬᠦᠭᠡᠷᠦᠮᠵᠢ ᠶᠢ ᠨᠢᠭᠡᠨᠲᠡ ᠵᠢᠷᠤᠵᠤ | ᠲᠥᠯᠥᠪᠯᠡᠬᠦ ᠵᠢᠴᠢ ᠬᠡᠷᠡᠭᠯᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠣᠯᠣᠨ᠎ᠠ᠂ ᠣᠲᠣ ᠨᠢᠭᠡᠨᠲᠡ ᠬᠥᠬᠡᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠬᠦᠯᠢᠶᠡᠵᠦ᠂ ᠶᠠᠭ | ᠰᠢᠯᠭᠠᠨ ᠠᠪᠴᠤ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ | | | | | ᠣᠨᠴᠠᠭᠠᠶᠢᠯᠠᠨ ᠵᠠᠷᠯᠠᠪᠠ! | | | ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠤᠰᠤᠨ ᠠᠰᠢᠬᠯᠠᠯᠲᠠ ᠶᠢᠨ ᠲᠣᠪᠴᠢᠶ᠎ᠠ | | 2025 ᠣᠨ ᠤ 5 ᠰᠠᠷ᠎ᠠ ᠶᠢᠨ 13 ᠤ ᠡᠳᠦᠷ | | | | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |