| | | | 5 ᠰᠠᠷ᠎ᠠ ᠶᠢᠨ 14 ᠤ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠤᠨ ︽ᠳᠡᠯᠡᠬᠡᠢ ᠶᠢᠨ ᠭᠡᠷ ᠪᠦᠯᠢ ᠶᠢᠨ | ᠡᠳᠦᠷ᠂ ᠣᠨᠴᠠᠭᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠵᠦ ᠪᠠᠶᠢᠨ᠎ᠠ︾ ᠭᠡᠬᠦ ᠭᠤᠣᠯ | ᠰᠡᠳᠦᠪᠲᠦ ᠠᠵᠢᠯᠯᠠᠭ᠎ᠠ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠳᠤ ᠶᠠᠪᠤᠭᠳᠠᠪᠠ᠃ ᠠᠵᠢᠯᠯᠠᠭ᠎ᠠ ᠳᠤ | ᠰᠠᠶᠢᠬᠠᠨ ᠲᠣᠭᠤᠷᠢᠭ ᠤᠨ ᠰᠡᠳᠬᠢᠴᠡ ᠶᠢᠨ ᠡᠷᠡᠭᠦᠯᠵᠢᠯ ᠤᠨ ᠲᠥᠪ ᠤᠨ 13 ᠬᠡᠦᠬᠡᠳ ᠵᠢᠴᠢ ︽ᠬᠠᠶᠢᠷ᠎ᠠ ᠲᠠᠢ ᠡᠵᠢ︾ | ᠶᠢᠨ ᠲᠥᠯᠥᠭᠡᠯᠡᠭᠴᠢ ᠶᠢ ᠣᠨᠴᠠᠭᠠᠶᠢᠯᠠᠨ ᠣᠷᠢᠪᠠ᠃ | | | | | | ᠲᠠᠶᠢᠯᠪᠤᠷᠢᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ | ᠰᠠᠶᠢᠨ ᠳᠤᠷ᠎ᠠ ᠶᠢᠨ ᠦᠢᠯᠡᠴᠢᠯᠡᠭᠴᠢ᠂ ᠬᠠᠶᠢᠷ᠎ᠠ ᠬᠠᠯᠠᠮᠵᠢ ᠶᠢᠨ ᠬᠥᠮᠥᠰ ᠪᠣᠯᠣᠨ ᠡᠷᠡᠭᠦᠯᠵᠢᠯ ᠤᠨ ᠲᠥᠪ ᠤᠨ | ᠬᠡᠦᠬᠡᠳ ᠤᠳ ᠮᠦᠽᠧᠢ ᠳᠤ ᠳᠡᠯᠭᠡᠨ ᠦᠵᠡᠭᠦᠯᠦᠭᠰᠡᠨ ᠵᠠᠭᠤ ᠰᠢᠬᠠᠮ ᠱᠤᠭᠤᠮᠠᠯ ᠤᠨ ᠤᠷᠠᠯᠢᠭ ᠤᠨ ᠪᠦᠲᠦᠭᠡᠯ ᠢ | ᠲᠣᠭᠤᠷᠢᠨ ᠦᠵᠡᠪᠡ᠃ | | ᠲᠣᠰ ᠤᠳᠠᠭᠠᠨ ᠤ ᠠᠵᠢᠯᠯᠠᠭ᠎ᠠ ︽ᠣᠯᠠᠨ ᠤᠯᠤᠰ ᠤᠨ ᠭᠡᠷ ᠪᠦᠯᠢ ᠶᠢᠨ ᠡᠳᠦᠷ︾ ᠢᠶᠠᠷ ᠠᠵᠠ ᠲᠣᠬᠢᠶᠠᠯ | ᠪᠣᠯᠭᠠᠵᠤ᠂ ᠭᠡᠷ ᠪᠦᠯᠢ ᠪᠠᠷ ᠭᠠᠷᠳᠠᠴᠠ ᠪᠣᠯᠭᠠᠵᠤ᠂ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠢ ᠬᠤᠯᠪᠣᠵᠤ᠂ ᠣᠨᠴᠠᠭᠠᠶ | ᠬᠡᠦᠬᠡᠳ ᠵᠢᠴᠢ ᠲᠡᠳᠡᠨ ᠤ ᠭᠡᠷ ᠪᠦᠯᠢ ᠳᠤ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠪᠠ᠃ ᠢᠷᠡᠭᠡᠳᠦᠢ᠂ ᠰᠠᠶᠢᠬᠠᠨ | ᠲᠣᠭᠤᠷᠢᠭ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ | ᠰᠡᠳᠬᠢᠴᠡ ᠶᠢᠨ ᠵᠢᠯᠣᠭᠤᠳᠤᠮᠵᠢ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠯᠭ᠎ᠠ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠣᠨᠴᠠᠭᠠᠢ ᠬᠡᠦᠬᠡᠳ ᠤᠨ ᠭᠡᠷ ᠪᠦᠯᠢ ᠶᠢᠨ ᠬᠦᠴᠢᠷᠳᠡᠯ ᠢ ᠰᠢᠢᠳᠪᠦᠷᠢᠯᠡᠨ᠎ᠡ ᠃ | | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |