ᠬᠤᠲᠠ ᠶᠢᠨ ᠡᠳ᠋ ᠤᠨ ᠵᠠᠰᠠᠭ ᠠᠴᠠ ᠠᠵᠢᠯ ᠣᠯᠭᠤᠯᠲᠠ ᠶᠢ ᠳᠡᠮᠵᠢᠬᠦ ᠨᠥᠬᠦᠪᠦᠷᠢ ᠮᠥᠩᠭᠦ 28737 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2025/5/23
      5 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠠᠴᠠ ᠠᠵᠢᠯ ᠣᠯᠭᠤᠯᠲᠠ ᠶᠢ ᠳᠡᠮᠵᠢᠬᠦ ᠨᠥᠬᠦᠪᠦᠷᠢ ᠮᠥᠩᠭᠦ ᠨᠢᠭᠡᠨᠲᠡ 28737 ᠲᠦᠮᠡᠨ ᠲᠥᠭᠦᠷᠢᠭ ᠪᠠᠭᠤᠯᠭᠠᠪᠠ᠃            ᠣᠶᠢᠯᠠᠭᠠᠭᠰᠠᠨ ᠢᠶᠠᠷ᠂ ᠲᠤᠰ ᠪᠡᠯᠡ ᠮᠥᠩᠭᠦ ᠶᠢ ᠭᠤᠣᠯᠳᠠᠭᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠦᠷᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠦᠨᠡᠯᠡᠬᠦ ᠨᠥᠬᠦᠪᠦᠷᠢ᠂ ᠠᠵᠢᠯ ᠣᠯᠬᠤ ᠳᠠᠳᠤᠯᠭ᠎ᠠ ᠶᠢᠨ ᠨᠥᠬᠦᠪᠦᠷᠢ᠂ ᠨᠢᠭᠡ ᠤᠳᠠᠭ᠎ᠠ ᠶᠢᠨ ᠴᠢᠨᠠᠷᠲᠠᠢ ᠠᠵᠢᠯ ᠣᠯᠬᠤ ᠨᠥᠬᠦᠪᠦᠷᠢ᠂ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠣᠰᠬᠠᠬᠤ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡ ᠶᠢᠨ ᠨᠥᠬᠦᠪᠦᠷᠢ᠂ ᠥᠨᠳᠥᠷ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠨᠥᠬᠦᠪᠦᠷᠢ ᠪᠣᠯᠣᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ᠦᠨᠳᠦᠰᠦᠨ ᠱᠠᠲᠤᠨ ᠳᠤ ᠦᠢᠯᠡᠴᠢᠯᠡᠬᠦ ᠬᠥᠮᠥᠰ ᠤᠨ ᠬᠤᠯᠪᠣᠭᠳᠠᠯ ᠪᠦᠬᠦᠢ ᠵᠠᠷᠤᠳᠠᠯ ᠵᠡᠷᠭᠡ ᠲᠠᠯ᠎ᠠ ᠳᠤ ᠬᠡᠷᠡᠭᠯᠡᠨ᠎ᠡ᠃            ᠠᠵᠢᠯ ᠣᠯᠭᠤᠯᠲᠠ ᠶᠢ ᠳᠡᠮᠵᠢᠬᠦ ᠨᠥᠬᠦᠪᠦᠷᠢ ᠮᠥᠩᠭᠦ ᠶᠢ ᠪᠠᠭᠤᠯᠭᠠᠭᠰᠠᠨ ᠨᠢ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ᠂ ᠠᠵᠢᠯ ᠣᠯᠬᠤ ᠳᠤ ᠬᠦᠴᠢᠷᠲᠡᠢ ᠬᠥᠮᠥᠨ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠳᠤ ᠬᠦᠴᠦᠲᠡᠢ ᠪᠠᠲᠤᠯᠠᠭ᠎ᠠ ᠬᠠᠩᠭᠠᠵᠤ᠂ ᠲᠡᠳᠡᠨ ᠢ ᠬᠠᠪᠰᠤᠷᠤᠨ ᠠᠵᠢᠯ ᠣᠯᠵᠤ ᠦᠢᠯᠡᠰ ᠪᠣᠰᠬᠠᠬᠤ ᠮᠥᠷᠥᠭᠡᠳᠦᠯ ᠢ ᠪᠡᠶᠡᠯᠡᠭᠦᠯᠬᠦ ᠪᠣᠯᠣᠨ᠎ᠠ᠃ ᠡᠭᠦᠨ ᠤ ᠬᠠᠮᠲᠤ᠂ ᠪᠦᠬᠦ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠡᠩ ᠰᠠᠶᠢᠨ ᠲᠦᠯᠬᠢᠨ ᠠᠬᠢᠭᠤᠯᠵᠤ᠂ ᠠᠵᠢᠯ ᠣᠯᠵᠤ ᠦᠢᠯᠡᠰ ᠪᠣᠰᠬᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠨᠡᠶᠢᠭᠡᠮ ᠤᠨ ᠡᠷᠡᠭᠦᠯ ᠡᠩᠬᠡ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号