| | | | 5 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠶᠠᠮᠤᠨ ᠤ ᠰᠣᠨᠢᠨ ᠮᠡᠳᠡᠭᠡᠨ ᠤ ᠲᠣᠪᠴᠢᠶᠠᠨ ᠤ ᠳᠡᠳ᠋ ᠳᠠᠷᠤᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ | ᠰᠣᠨᠢᠨ ᠮᠡᠳᠡᠭᠡᠨ ᠤ ᠥᠭᠦᠯᠡᠭᠴᠢ ᠵᠢᠶᠠᠩ ᠪᠢᠨ ᠠᠬᠠᠯᠠᠭᠴᠢ ᠬᠤᠷᠠᠩᠳᠠ ᠣᠶᠢᠷ᠎ᠠ ᠶᠢᠨ ᠬᠤᠭᠤᠴᠠᠭᠠᠨ ᠤ ᠴᠡᠷᠢᠭ ᠲᠤ | ᠬᠤᠯᠪᠣᠭᠳᠠᠭᠰᠠᠨ ᠠᠰᠠᠭᠤᠳᠠᠯ ᠤᠨ ᠲᠤᠬᠠᠢ ᠮᠡᠳᠡᠭᠡ ᠨᠡᠶᠢᠲᠡᠯᠡᠪᠡ᠃ | | | ᠵᠢᠶᠠᠩ ᠪᠢᠨ ᠲᠠᠨᠢᠯᠴᠠᠭᠤᠯᠬᠤ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ | ᠲᠥᠷᠥᠯ ᠤᠨ ᠪᠦᠲᠦᠴᠡ ᠶᠢᠨ ᠲᠣᠬᠢᠷᠠᠭᠤᠯᠤᠯᠲᠠ ᠪᠠ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ | ᠬᠡᠷᠡᠭᠴᠡᠭᠡ ᠳᠤ ᠵᠣᠬᠢᠴᠠᠭᠤᠯᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠣᠶᠢᠷ᠎ᠠ ᠳᠤ ᠳᠤᠮᠳᠠᠳᠤ | ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠭᠤᠷᠠᠢ ᠵᠠᠮ ᠤᠨ ᠴᠡᠷᠢᠭ ᠤᠨ ᠴᠡᠷᠢᠭ ᠤᠨ ᠲᠥᠷᠥᠯ ᠤᠨ ᠶᠡᠭᠡ | ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠪᠠᠲᠤᠯᠠᠭ᠎ᠠ ᠶᠢᠨ | ᠴᠡᠷᠢᠭ ᠠᠩᠭᠢ ᠶᠢᠨ ᠢᠨᠵᠧᠨᠧᠷᠢᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠬᠤᠯᠪᠣᠭᠠᠲᠤ ᠠᠷᠤ ᠲᠠᠯ᠎ᠠ ᠶᠢᠨ ᠪᠠᠲᠤᠯᠠᠭ᠎ᠠ ᠶᠢᠨ ᠴᠡᠷᠢᠭ ᠠᠩᠭᠢ ᠶᠢᠨ ᠢᠨᠵᠧᠨᠧᠷᠢᠩ ᠤᠨ ᠶᠡᠭᠡ | ᠰᠤᠷᠭᠠᠭᠤᠯᠢ ᠵᠡᠷᠭᠡ 3 ᠶᠡᠭᠡ ᠳᠡᠭᠡᠳᠦ ᠰᠤᠷᠭᠠᠭᠤᠯᠢ ᠶᠢ ᠲᠣᠬᠢᠷᠠᠭᠤᠯᠤᠨ ᠪᠠᠶᠢᠭᠤᠯᠵᠤ᠂ ᠴᠥᠮ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠶᠡᠭᠡ ᠳᠡᠭᠡᠳᠦ ᠰᠤᠷᠭᠠᠭᠤᠯᠢ ᠪᠤᠯᠭᠠᠵᠤ᠂ ᠨᠡᠶᠢᠭᠡᠮ ᠨᠡᠶᠢᠲᠡ ᠠᠴᠠ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠢ ᠡᠯᠰᠡᠬᠦ ᠪᠠᠷ ᠲᠣᠭᠲᠠᠪᠠ ᠭᠡᠵᠡᠢ᠃ | | | ᠡᠭᠦᠨ ᠳᠤ᠂ ᠬᠠᠭᠤᠷᠠᠢ ᠵᠠᠮ ᠤᠨ ᠴᠡᠷᠢᠭ ᠤᠨ ᠴᠡᠷᠢᠭ ᠤᠨ ᠲᠦᠷᠦᠯ ᠤᠨ ᠶᠡᠭᠡ ᠰᠤᠷᠭᠠᠭᠤᠯᠢ ᠢ ᠬᠠᠭᠤᠷᠠᠢ | ᠵᠠᠮ ᠤᠨ ᠴᠡᠷᠢᠭ ᠤᠨ ᠬᠤᠶᠠᠭᠲᠤ ᠴᠡᠷᠢᠭ ᠤᠨ ᠳᠡᠭᠡᠳᠦ ᠰᠤᠷᠭᠠᠭᠤᠯᠢ᠂ ᠬᠠᠭᠤᠷᠠᠢ ᠵᠠᠮ ᠤᠨ ᠴᠡᠷᠢᠭ ᠤᠨ ᠶᠡᠭᠡ ᠫᠤᠤᠲᠤ | ᠴᠡᠷᠢᠭ ᠤᠨ ᠠᠭᠠᠷ ᠤᠨ ᠰᠡᠷᠭᠡᠶᠢᠯᠡᠯᠲᠡ ᠶᠢᠨ ᠴᠡᠷᠢᠭ ᠤᠨ ᠳᠡᠭᠡᠳᠦ ᠰᠤᠷᠭᠠᠭᠤᠯᠢ ᠪᠠᠷ ᠰᠠᠭᠤᠷᠢ ᠪᠣᠯᠭᠠᠨ ᠪᠠᠶᠢᠭᠤᠯᠵᠤ᠂ | ᠰᠤᠷᠭᠠᠭᠤᠯᠢ ᠶᠢᠨ ᠲᠥᠪ ᠨᠢ ᠠᠨᠾᠦ᠋ᠢ ᠶᠢᠨ ᠾᠧᠹᠧᠢ ᠳᠤ ᠪᠤᠢ; ᠮᠡᠳᠡᠭᠡ ᠵᠠᠩᠭᠢ ᠶᠢᠨ ᠪᠠᠲᠤᠯᠠᠭ᠎ᠠ ᠶᠢᠨ ᠴᠡᠷᠢᠭ | ᠠᠩᠭᠢ ᠶᠢᠨ ᠢᠨᠵᠧᠨᠧᠷᠢᠩ ᠤᠨ ᠶᠡᠭᠡ ᠰᠤᠷᠭᠠᠭᠤᠯᠢ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠮᠡᠳᠡᠭᠡ ᠵᠠᠩᠭᠢ ᠴᠢᠮᠡᠭᠡ ᠬᠤᠯᠪᠣᠭᠠᠨ ᠤ ᠳᠡᠭᠡᠳᠦ | ᠰᠤᠷᠭᠠᠭᠤᠯᠢ᠂ ᠬᠠᠭᠤᠷᠠᠢ ᠵᠠᠮ ᠤᠨ ᠴᠡᠷᠢᠭ ᠤᠨ ᠢᠨᠵᠧᠨᠧᠷᠢᠩ ᠤᠨ ᠶᠡᠭᠡ ᠰᠤᠷᠭᠠᠭᠤᠯᠢ ᠶᠢᠨ ᠴᠢᠮᠡᠭᠡ ᠬᠤᠯᠪᠣᠭᠠᠨ ᠤ | ᠣᠹᠢᠼᠧᠷ ᠤᠨ ᠰᠤᠷᠭᠠᠭᠤᠯᠢ ᠪᠠᠷ ᠰᠠᠭᠤᠷᠢ ᠪᠣᠯᠭᠠᠨ ᠪᠠᠶᠢᠭᠤᠯᠵᠤ᠂ ᠰᠤᠷᠭᠠᠭᠤᠯᠢ ᠶᠢᠨ ᠲᠥᠪ ᠨᠢ ᠬᠤᠪᠧᠢ ᠶᠢᠨ | ᠦᠬᠠᠨ ᠳᠤ ᠪᠤᠢ; ᠬᠤᠯᠪᠣᠭᠠᠲᠤ ᠠᠷᠤ ᠲᠠᠯ᠎ᠠ ᠶᠢᠨ ᠪᠠᠲᠤᠯᠠᠭ᠎ᠠ ᠶᠢᠨ ᠴᠡᠷᠢᠭ ᠠᠩᠭᠢ ᠶᠢᠨ ᠢᠨᠵᠧᠨᠧᠷᠢᠩ ᠤᠨ ᠶᠡᠭᠡ | ᠰᠤᠷᠭᠠᠭᠤᠯᠢ ᠢ ᠬᠠᠭᠤᠷᠠᠢ ᠵᠠᠮ ᠤᠨ ᠴᠡᠷᠢᠭ ᠤᠨ ᠠᠷᠤ ᠲᠠᠯ᠎ᠠ ᠶᠢᠨ ᠠᠵᠢᠯ ᠤᠨ ᠳᠡᠭᠡᠳᠦ ᠰᠤᠷᠭᠠᠭᠤᠯᠢ᠂ ᠬᠠᠭᠤᠷᠠᠢ | ᠵᠠᠮ ᠤᠨ ᠴᠡᠷᠢᠭ ᠤᠨ ᠴᠡᠷᠢᠭ ᠤᠨ ᠶᠠᠪᠤᠳᠠᠯ ᠤᠨ ᠵᠠᠮ ᠬᠠᠷᠢᠯᠴᠠᠭᠠᠨ ᠤ ᠳᠡᠭᠡᠳᠦ ᠰᠤᠷᠭᠠᠭᠤᠯᠢ ᠶᠢᠨ ᠲᠥᠪ ᠵᠢᠴᠢ | ᠬᠠᠷᠢᠶᠠᠲᠤ ᠮᠠᠰᠢᠨ ᠲᠡᠷᠭᠡᠨ ᠤ ᠣᠹᠢᠼᠧᠷ ᠤᠨ ᠰᠤᠷᠭᠠᠭᠤᠯᠢ ᠪᠠᠷ ᠰᠠᠭᠤᠷᠢ ᠪᠣᠯᠭᠠᠨ ᠪᠠᠶᠢᠭᠤᠯᠵᠤ᠂ ᠰᠤᠷᠭᠠᠭᠤᠯᠢ ᠶᠢᠨ | ᠲᠥᠪ ᠨᠢ ᠴᠦᠩᠴᠢᠩ ᠳᠤ ᠪᠤᠢ᠃ ᠰᠢᠨ᠎ᠡ ᠪᠠᠷ ᠪᠠᠶᠢᠭᠤᠯᠤᠭᠰᠠᠨ 3 ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ | ᠡᠯᠰᠡᠬᠦ ᠲᠤᠰᠬᠠᠢ ᠮᠡᠷᠭᠡᠵᠢᠯ᠂ ᠰᠣᠷᠣᠬᠴᠢ ᠡᠯᠰᠡᠬᠦ ᠲᠤᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠶᠢ ᠣᠨ ᠤ ᠰᠣᠷᠣᠬᠴᠢ | ᠡᠯᠰᠡᠬᠦ ᠲᠥᠯᠥᠪᠯᠡᠭᠡ ᠲᠠᠢ ᠤᠶᠠᠯᠳᠤᠭᠤᠯᠤᠨ ᠴᠠᠭ ᠲᠤᠨᠢ ᠲᠣᠬᠢᠷᠠᠭᠤᠯᠤᠨ ᠨᠡᠶᠢᠲᠡᠯᠡᠨ᠎ᠡ᠃ | | | | | ︵ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ ᠲᠠᠪᠴᠠᠩ︶ | |