| | | ᠣᠶᠢᠷ᠎ᠠ ᠳᠤ᠂ ᠬᠤᠷᠴᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠠᠷ ᠬᠤᠯᠪᠣᠨ | ᠴᠠᠬᠢᠯᠭᠠᠨ ᠬᠦᠴᠦᠨ ᠤ ᠲᠧᠩ ᠹᠧᠢ ᠨᠡᠶᠢᠭᠡᠮ ᠲᠣᠭᠤᠷᠢᠭ᠂ ᠠᠵᠢᠯᠴᠢᠨ ᠤ ᠡᠪᠯᠡᠯ ᠤᠨ ᠵᠢᠵᠢᠭ ᠲᠣᠭᠤᠷᠢᠭ ᠲᠤ | ︽ᠮᠠᠨ ᠤ ᠭᠡᠷ ᠣᠷᠣᠨ - ᠪᠣᠬᠢᠷᠲᠤᠯ ᠦᠭᠡᠢ ᠡᠯᠪᠡᠭ ᠬᠤᠷᠢᠶᠠᠯᠲᠠ ᠵᠣᠯ ᠵᠢᠷᠭᠠᠯ︾ ᠭᠤᠣᠯ ᠰᠡᠳᠦᠪ ᠪᠣᠯᠭᠠᠭᠰᠠᠨ | ᠪᠣᠯᠪᠠᠰᠤᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ ᠮᠠᠰᠢ ᠣᠯᠠᠨ ᠬᠠᠷᠢᠶᠠᠲᠤ ᠣᠷᠣᠨ ᠤ ᠰᠠᠭᠤᠭᠠᠯᠢ ᠠᠷᠠᠳ ᠢ | ᠢᠳᠡᠪᠬᠢᠲᠡᠢ ᠪᠠᠷ ᠣᠷᠣᠯᠴᠠᠭᠤᠯᠵᠤ᠂ ᠨᠡᠶᠢᠭᠡᠮ ᠲᠣᠭᠤᠷᠢᠭ ᠲᠤ ᠠᠮᠢᠵᠢᠷᠠᠯ ᠤᠨ ᠬᠦᠴᠦᠨ ᠪᠠ ᠠᠭᠤᠷ ᠠᠮᠢᠰᠬᠤᠯ ᠢ | ᠨᠡᠮᠡᠷᠢᠯᠡᠭᠰᠡᠨ ᠪᠠᠶᠢᠨ᠎ᠠ᠃ | | | | | | | | ᠲᠤᠰ ᠡᠳᠦᠷ᠂ ᠰᠠᠭᠤᠭᠠᠯᠢ ᠠᠷᠠᠳ ᠤᠨ ᠲᠣᠭᠤᠷᠢᠭ ᠲᠤ ᠬᠥᠮᠥᠨ ᠬᠠᠷ᠎ᠠ ᠬᠤᠷᠠᠨ ᠴᠤᠭᠯᠠᠷᠠᠵᠤ᠂ ᠬᠥᠷ | ᠬᠥᠭᠵᠢᠶᠡᠨ ᠢᠶᠠᠷ ᠪᠢᠯᠬᠠᠨ᠎ᠠ᠃ ᠲᠤᠰᠬᠠᠢ ᠮᠡᠷᠭᠡᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ | ᠳᠣᠣᠷ᠎ᠠ᠂ ᠣᠷᠣᠯᠴᠠᠭᠴᠢ ᠦᠳᠲᠡᠷ ᠲᠦᠷᠭᠡᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠰᠡᠳᠬᠢᠯ | ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠡᠮᠬᠢ ᠵᠠᠮᠪᠠᠷᠠᠭ᠎ᠠ ᠲᠠᠢ ᠪᠠᠷ ᠮᠣᠳᠣ ᠮᠠᠯᠲᠠᠬᠤ᠂ ᠴᠢᠬᠢ ᠮᠣᠳᠣ ᠳᠠᠷᠢᠬᠤ᠂ | ᠰᠢᠷᠣᠢ ᠪᠥᠭᠯᠡᠵᠦ ᠪᠣᠳᠠᠲᠠᠶᠢᠵᠢᠭᠤᠯᠬᠤ ᠵᠡᠷᠭᠡ ᠠᠯᠢ ᠣᠯᠠᠨ ᠮᠣᠳᠣ ᠳᠠᠷᠢᠬᠤ ᠶᠠᠪᠤᠴᠠ ᠶᠢ ᠡᠮᠬᠢ ᠵᠠᠮᠪᠠᠷᠠᠭ᠎ᠠ ᠲᠠᠢ ᠪᠠᠷ | ᠥᠷᠨᠢᠭᠦᠯᠪᠡ᠃ | | ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠡᠯ᠎ᠡ ᠲᠥᠷᠥᠯ ᠤᠨ ᠪᠣᠬᠢᠷᠲᠤᠯ ᠦᠭᠡᠢ ᠪᠣᠯᠪᠠᠰᠤᠨ ᠤ | ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠢᠶᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ | ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ᠂ ᠪᠣᠯᠪᠠᠰᠤᠨ᠂ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠦᠨ᠎ᠡ᠃ ᠬᠤᠳᠠ ᠶᠢᠨ ᠠᠷᠠᠳ | ᠨᠢᠭᠡᠪᠦᠷᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ | ᠵᠣᠷᠢᠭᠵᠢᠭᠤᠯᠵᠤ᠂ ᠭᠠᠷ ᠬᠤᠯᠪᠣᠨ ᠮᠥᠷᠥ ᠵᠡᠷᠭᠡᠴᠡᠵᠦ᠂ ᠨᠡᠩ ᠪᠣᠬᠢᠷᠲᠤᠯ ᠦᠭᠡᠢ᠂ ᠣᠷᠣᠰᠢᠨ ᠰᠠᠭᠤᠬᠤ ᠳᠤ | ᠲᠣᠬᠢᠷᠠᠮᠵᠢᠲᠠᠢ ᠰᠠᠶᠢᠨ ᠰᠠᠶᠢᠬᠠᠨ ᠭᠡᠷ ᠣᠷᠣᠨ ᠤ ᠵᠢᠷᠤᠭ ᠢ ᠬᠠᠮᠲᠤᠪᠠᠷ ᠵᠢᠷᠣᠬᠯᠠᠨᠠ᠃ | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |