ᠬᠥᠬᠡᠬᠤᠲᠠ ᠪᠦᠬᠦ ᠤᠯᠤᠰ ᠤᠨ ᠪᠣᠯᠪᠠᠰᠤᠨ ᠬᠤᠲᠠ ᠶᠢᠨ ᠴᠣᠯᠠ ᠶᠢ ᠬᠦᠷᠲᠡᠪᠡ
ᠨᠡᠶᠢᠲᠡᠯᠡᠭᠰᠡᠨ ᠴᠠᠭ᠄
2025/5/27
      5 ᠳ᠋ᠤᠭᠠᠷ ᠰᠠᠷ᠎ᠠ ᠶᠢᠨ 23 ᠤ ᠡᠳᠦᠷ᠂ ᠪᠦᠬᠦ ᠤᠯᠤᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠲᠥᠪ ᠤᠨ ᠤᠬᠠᠭᠤᠯᠭ᠎ᠠ ᠣᠶᠢᠵᠠᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ 202 ᠬᠤᠲᠠ ︵ᠣᠷᠣᠨ︶ ᠳᠤ ᠪᠦᠭᠦ ᠤᠯᠤᠰ ᠤᠨ ᠪᠣᠯᠪᠠᠰᠤᠨ ᠬᠤᠲᠠ ᠶᠢᠨ ᠴᠣᠯᠠ᠂ 3316 ᠳᠣᠰᠬᠤᠠ ᠪᠠᠯᠭᠠᠰᠤ ᠳᠤ ᠪᠦᠭᠦ ᠤᠯᠤᠰ ᠤᠨ ᠪᠣᠯᠪᠠᠰᠤᠨ ᠳᠣᠰᠬᠤᠠ ᠤ ᠴᠣᠯᠠ᠂ 4688 ᠨᠢᠭᠡᠴᠢ ᠳᠤ ᠪᠦᠭᠦ ᠤᠯᠤᠰ ᠤᠨ ᠪᠣᠯᠪᠠᠰᠤᠨ ᠨᠢᠭᠡᠴᠢ ᠶᠢᠨ ᠴᠣᠯᠠ᠂ 798 ᠭᠡᠷ ᠪᠦᠯᠢ ᠳᠤ ᠪᠦᠬᠦ ᠤᠯᠤᠰ ᠤᠨ ᠪᠣᠯᠪᠠᠰᠤᠨ ᠭᠡᠷ ᠪᠦᠯᠢ ᠶᠢᠨ ᠴᠣᠯᠠ᠂ 890 ᠰᠤᠷᠭᠠᠭᠤᠯᠢ ᠳᠤ ᠪᠦᠭᠦ ᠤᠯᠤᠰ ᠤᠨ ᠪᠣᠯᠪᠠᠰᠤᠨ ᠰᠤᠷᠭᠠᠭᠤᠯᠢ ᠶᠢᠨ ᠴᠣᠯᠠ᠂ 60 ᠬᠥᠮᠥᠨ ︵ᠳᠤᠭᠤᠶᠢᠯᠠᠩ︶ ᠳᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠢᠷᠠᠭᠤ ᠠᠯᠳᠠᠷ᠂ 239 ᠬᠥᠮᠥᠨ ︵ ᠳᠤᠭᠤᠶᠢᠯᠠᠩ︶ ᠳᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠢᠷᠠᠭᠤ ᠠᠯᠳᠠᠷ ᠤᠨ ᠨᠡᠷ᠎ᠡ ᠳᠤᠷᠠᠳᠤᠭᠰᠠᠨ ᠱᠠᠩᠨᠠᠯ ᠣᠯᠭᠤᠬᠤ ᠪᠠᠷ ᠲᠣᠭᠲᠠᠪᠠ᠃            ᠥᠪᠥᠷ ᠮᠣᠩᠭᠤᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠲᠡᠭᠦᠰ ᠠᠮᠵᠢᠯᠲᠠ ᠣᠯᠪᠠ᠃ ᠣᠷᠣᠨ ᠤ ᠲᠥᠪ ᠬᠥᠬᠡᠬᠤᠲᠠ᠂ ᠭᠠᠵᠠᠷ ᠤᠨ ᠲᠠᠰ ᠤᠨ ᠬᠤᠲᠠ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ ᠵᠡᠷᠭᠡ 3 ᠭᠠᠵᠠᠷ ᠤᠨ ᠲᠠᠰ ᠠᠴᠠ ᠳᠡᠭᠡᠭᠰᠢᠬᠢ ᠬᠤᠲᠠ᠂ ᠲᠦᠮᠡᠳ ᠪᠠᠷᠠᠭᠤᠨ ᠬᠤᠰᠢᠭᠤ᠂ ᠣᠲᠤᠭ ᠬᠤᠰᠢᠭᠤ᠂ ᠦᠦᠰᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ ᠵᠡᠷᠭᠡ 4 ᠰᠢᠶᠠᠨ ᠤ ᠲᠠᠰ ᠤᠨ ᠬᠤᠲᠠ ᠨᠡᠶᠢᠲᠡ 7 ᠬᠤᠲᠠ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠶᠢᠨ ᠡᠩᠨᠡᠭᠡᠨ ᠳᠤ ᠣᠷᠣᠪᠠ᠃ ᠡᠭᠦᠨᠴᠡ ᠮᠠᠨ ᠤ ᠣᠷᠣᠨ ᠤ ᠪᠦᠬᠦ ᠤᠯᠤᠰ ᠤᠨ ᠪᠣᠯᠪᠠᠰᠤᠨ ᠬᠤᠲᠠ ᠶᠢᠨ ᠨᠡᠶᠢᠲᠡ ᠲᠤᠭ᠎ᠠ 14 ᠬᠦᠷᠴᠦ᠂ ᠡᠭᠦᠨ ᠳᠤ ᠭᠠᠵᠠᠷ ᠤᠨ ᠳᠡᠰ ᠠᠴᠠ ᠳᠡᠭᠡᠭᠰᠢᠬᠢ ᠬᠤᠲᠠ 6᠂ ᠰᠢᠶᠠᠨ ᠤ ᠲᠠᠰ ᠤᠨ ᠬᠤᠲᠠ 8 ᠪᠣᠯᠪᠠ᠃            ᠡᠭᠦᠨ ᠠᠴᠠ ᠭᠠᠳᠠᠨ᠎ᠠ᠂ ᠡᠨᠡ ᠤᠳᠠᠭ᠎ᠠ ᠮᠠᠨ ᠤ ᠣᠷᠣᠨ ᠤ ᠪᠠᠰᠠ 74 ᠲᠣᠰᠬᠤᠨ ᠪᠠᠯᠭᠠᠰᠤ᠂ 112 ᠨᠢᠭᠡᠴᠢ᠂ 19 ᠭᠡᠷ ᠪᠦᠯᠢ᠂ 21 ᠰᠤᠷᠭᠠᠭᠤᠯᠢ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠪᠠᠷ ᠦᠨᠡᠯᠡᠭᠳᠡᠪᠡ᠃ ᠣᠳᠣ ᠪᠣᠯᠲᠠᠯ᠎ᠠ᠂ ᠪᠦᠬᠦ ᠣᠷᠣᠨ ᠳᠤ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ 206᠂ ᠪᠦᠬᠦ ᠤᠯᠤᠰ ᠤᠨ ᠪᠣᠯᠪᠠᠰᠤᠨ ᠨᠢᠭᠡᠴᠢ 318᠂ ᠪᠦᠬᠦ ᠤᠯᠤᠰ ᠤᠨ ᠪᠣᠯᠪᠠᠰᠤᠨ ᠭᠡᠷ ᠪᠦᠯᠢ 33᠂ ᠪᠦᠬᠦ ᠤᠯᠤᠰ ᠤᠨ ᠪᠣᠯᠪᠠᠰᠤᠨ ᠰᠤᠷᠭᠠᠭᠤᠯᠢ 38 ᠪᠤᠶ᠃            ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠲᠠᠯ᠎ᠠ ᠪᠠᠷ᠂ ᠮᠠᠨ ᠤ ᠣᠷᠣᠨ ᠤ ᠸᠠᠩ ᠠᠢ ᠯᠢᠨ᠂ ᠪᠠᠭᠠᠲᠤᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ ᠸᠧᠢ ᠮᠢᠩ᠂ ᠯᠢ ᠷᠦᠩ ᠲᠢᠩ᠂ ᠭᠤᠤ ᠰᠢᠤᠸᠠᠢ᠂ ᠨᠢᠮ᠎ᠠ᠂ ᠳ᠋ᠦᠩ ᠬᠤᠩ ᠷᠦ᠂ ᠭᠤᠸᠠᠨ ᠬᠤᠢ ᠮᠢᠩ᠂ ᠯᠢᠦ ᠬᠠᠢ ᠶᠠᠩ᠂ ᠵᠠᠩ ᠴᠦᠨ ᠮᠧᠢ ᠵᠡᠷᠭᠡ 8 ᠬᠥᠮᠥᠨ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠨᠡᠷ᠎ᠡ ᠳᠤᠷᠠᠳᠤᠭᠰᠠᠨ ᠱᠠᠩᠨᠠᠯ ᠢ ᠬᠦᠷᠲᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号