ᠭᠦᠭᠡᠬᠤᠳᠠ ᠶᠢᠨ 3905 ᠬᠥᠮᠥᠨ ᠡᠷᠦᠭᠡ ᠠᠮᠠ ᠶᠢᠨ ᠳᠠᠩᠰᠠ ᠤᠷᠤᠭᠤᠯᠬᠤ ᠰᠢᠨ᠎ᠡ ᠲᠦᠷᠦ ᠶᠢᠨ ᠪᠣᠳᠣᠯᠭ᠎ᠠ ᠶᠢᠨ ᠲᠦᠭᠦᠮ ᠳᠥᠲᠡ ᠦᠢᠯᠡᠴᠢᠯᠡᠭᠡ ᠶᠢ ᠭᠦᠷᠳᠡᠪᠡ
ᠨᠡᠶᠢᠲᠡᠯᠡᠭᠰᠡᠨ ᠴᠠᠭ᠄
2025/5/28
       ᠬᠡᠦᠬᠡᠳ ᠤᠨ ᠢᠶᠠᠨ ᠰᠤᠷᠭᠠᠭᠤᠯᠢ ᠳᠡᠪᠰᠢᠬᠦ ᠳᠤ ᠬᠡᠷᠡᠭᠰᠡᠬᠦ ᠲᠣᠰ ᠭᠠᠵᠠᠷ ᠤᠨ ᠡᠷᠦᠭᠡ ᠠᠮᠠ ᠶᠢᠨ ᠳᠠᠩᠰᠠ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠬᠦ ᠶᠢᠨ ᠲᠥᠯᠥᠭᠡ᠂ ᠬᠡᠳᠦᠨ ᠡᠳᠦᠷ ᠤᠨ ᠡᠮᠦᠨ᠎ᠡ ᠱᠠᠨ ᠰᠢ ᠨᠤᠲᠤᠭ ᠲᠠᠢ ᠼᠤᠤ ᠠᠪᠠᠭ᠋ᠠᠢ ᠲᠤᠰᠬᠠᠶᠢᠯᠠᠨ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠳ᠋ᠢᠩ ᠰᠢᠶᠠᠩ ᠵᠠᠮ ᠳᠠᠬᠢ ᠲᠣᠮᠢᠯᠠᠭᠰᠠᠨ ᠰᠠᠯᠪᠤᠷᠢ ᠳᠤ ᠬᠦᠷᠴᠦ᠂ ᠭᠡᠷ ᠲᠦᠷᠢᠶᠡᠰᠦᠯᠡᠨ ᠡᠷᠦᠭᠡ ᠠᠮᠠ ᠶᠢᠨ ᠳᠠᠩᠰᠠ ᠣᠷᠣᠭᠤᠯᠬᠤ ᠲᠤᠬᠠᠢ ᠠᠰᠠᠭᠤᠨ ᠯᠠᠪᠯᠠᠵᠠᠢ᠃ ᠡᠷᠦᠭᠡ ᠠᠮᠠ ᠶᠢᠨ ᠳᠠᠩᠰᠠ ᠶᠢᠨ ᠠᠵᠢᠯ ᠭᠦᠢᠴᠡᠳᠬᠡᠬᠦ ᠴᠣᠩᠬᠤᠪᠴᠢ ᠶᠢᠨ ᠴᠠᠭᠳᠠᠭ᠎ᠠ ᠬᠦᠯᠢᠴᠡᠩᠭᠦᠢ ᠪᠠᠷ ᠬᠠᠷᠢᠭᠤᠯᠲᠠ ᠥᠭᠬᠦ ᠶᠢᠨ ᠬᠠᠮᠲᠤ ᠮᠠᠲ᠋ᠧᠷᠢᠶᠠᠯ ᠪᠡᠯᠡᠳᠬᠡᠬᠦ ᠶᠢ ᠪᠦᠭᠦ ᠶᠠᠪᠤᠴᠠ ᠳᠤ ᠵᠢᠯᠤᠭᠤᠳᠴᠤ᠂ ᠡᠷᠦᠭᠡ ᠠᠮᠠ ᠶᠢᠨ ᠳᠠᠩᠰᠠ ᠣᠷᠣᠭᠤᠯᠬᠤ ᠭᠠᠷᠳᠠᠮ ᠢ ᠮᠠᠰᠢ ᠲᠦᠷᠭᠡᠨ ᠢᠶᠠᠷ ᠬᠢᠵᠦ ᠳᠠᠭᠤᠰᠬᠠᠵᠠᠢ᠃            ᠡᠨᠡ ᠬᠦ ᠲᠦᠭᠦᠮ ᠪᠥᠭᠡᠳ ᠲᠦᠷᠭᠡᠨ ᠡᠷᠦᠭᠡ ᠠᠮᠠ ᠶᠢᠨ ᠳᠠᠩᠰᠠ ᠤᠷᠤᠭᠤᠯᠬᠤ ᠦᠢᠯᠡᠴᠢᠯᠡᠭᠡ ᠨᠢ ᠭᠦᠭᠡᠬᠤᠲᠠ ᠶᠢᠨ ᠰᠢᠨ᠎ᠡ ᠪᠠᠷ ᠬᠡᠷᠡᠭᠵᠢᠭᠦᠯᠦᠭᠰᠡᠨ ᠡᠷᠦᠭᠡ ᠠᠮᠠ ᠶᠢᠨ ᠳᠠᠩᠰᠠ ᠣᠷᠣᠭᠤᠯᠬᠤ ᠲᠥᠷᠥ ᠶᠢᠨ ᠪᠣᠳᠣᠯᠭ᠎ᠠ ᠠᠴᠠ ᠪᠣᠯᠤᠭᠰᠠᠨ ᠶᠤᠮ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠪᠠᠯᠭᠠᠰᠤᠨ ᠳᠤ ᠡᠷᠦᠭᠡ ᠠᠮᠠ ᠶᠢᠨ ᠳᠠᠩᠰᠠ ᠣᠷᠣᠭᠤᠯᠬᠤ ᠬᠡᠷᠡᠭᠵᠢᠭᠦᠯᠬᠦ ᠨᠠᠷᠢᠨ ᠳᠦᠷᠢᠮ ᠵᠢᠴᠢ ᠶᠠᠪᠤᠴᠠ ᠶᠢ ᠨᠠᠷᠢᠯᠢᠭ ᠲᠦᠷᠭᠡᠨ ᠲᠣᠭᠲᠠᠭᠠᠪᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠳᠣᠬᠠᠨ ᠪᠤᠯᠲᠠᠯ᠎ᠠ ᠪᠦᠭᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨᠲᠡ 3905 ᠬᠥᠮᠥᠨ ᠳᠤ ᠡᠷᠦᠭᠡ ᠠᠮᠠ ᠶᠢᠨ ᠳᠠᠩᠰᠠ ᠣᠷᠣᠭᠤᠯᠬᠤ ᠭᠠᠷᠳᠠᠮ ᠬᠢᠵᠦ ᠥᠭᠴᠡᠢ᠂ ᠡᠭᠦᠨ ᠳᠤ 2634 ᠬᠥᠮᠥᠨ ᠨᠢ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠪᠠᠷ ᠡᠷᠦᠭᠡ ᠠᠮᠠ ᠶᠢᠨ ᠳᠠᠩᠰᠠ ᠣᠷᠣᠭᠤᠯᠵᠤ᠂ 1262 ᠬᠥᠮᠥᠨ ᠨᠢ ᠲᠥᠷᠥᠯ ᠰᠠᠳᠤᠨ ᠨᠠᠶᠢᠵᠠ ᠨᠥᠬᠦᠳ ᠢᠶᠠᠨ ᠲᠦᠰᠢᠵᠦ ᠡᠷᠦᠭᠡ ᠠᠮᠠ ᠶᠢᠨ ᠳᠠᠩᠰᠠ ᠣᠷᠣᠭᠤᠯᠵᠤ᠂ 9 ᠬᠥᠮᠥᠨ ᠨᠢ ᠠᠵᠢᠯ ᠤᠨ ᠰᠢᠯᠲᠠᠭᠠᠨ ᠠᠴᠠ ᠪᠣᠯᠵᠤ ᠨᠡᠭᠦᠵᠦ ᠣᠷᠣᠭᠰᠠᠨ ᠪᠠᠶᠢᠨ᠎ᠠ᠃ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠡᠷᠦᠭᠡ ᠠᠮᠠ ᠶᠢᠨ ᠳᠠᠩᠰᠠ ᠣᠷᠣᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠡᠮᠵᠢᠶ᠎ᠡ ᠶᠡᠭᠡ ᠪᠠᠷ ᠨᠡᠮᠡᠭᠳᠡᠵᠡᠢ᠂ ᠡᠲᠡᠭᠡᠷ ᠲᠤᠭ᠎ᠠ ᠪᠠᠷᠢᠮᠲᠠ ᠨᠢ ᠬᠤᠲᠠ ᠶᠢᠨ ᠠᠷᠠᠳ ᠤᠨ ᠰᠢᠨ᠎ᠡ ᠲᠥᠷᠥ ᠶᠢᠨ ᠪᠣᠳᠣᠯᠭ᠎ᠠ ᠶᠢ ᠮᠡᠳᠡᠷᠡᠭᠰᠡᠨ ᠢ ᠭᠡᠷᠡᠴᠢᠯᠡᠵᠦ ᠪᠠᠶᠢᠬᠤ ᠪᠥᠭᠡᠳ ᠲᠥᠷᠥ ᠶᠢᠨ ᠪᠣᠳᠣᠯᠭ᠎ᠠ ᠶᠢᠨ ᠢᠯᠡᠳᠲᠡ ᠦᠷ᠎ᠡ ᠪᠦᠲᠦᠮᠵᠢ ᠣᠯᠣᠭᠰᠠᠨ ᠢ ᠬᠠᠷᠠᠭᠤᠯᠵᠤ ᠪᠠᠶᠢᠨ᠎ᠠ᠃            ︽ᠰᠢᠨ᠎ᠡ ᠲᠥᠷᠥ ᠶᠢᠨ ᠪᠣᠳᠣᠯᠭ᠎ᠠ ᠨᠢ ᠡᠷᠦᠭᠡ ᠠᠮᠠ ᠶᠢᠨ ᠳᠠᠩᠰᠠ ᠣᠷᠣᠭᠤᠯᠬᠤ ᠶᠠᠪᠤᠴᠠ ᠶᠢ ᠳᠥᠭᠦᠮᠴᠢᠯᠡᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠠᠷᠠᠳ ᠲᠤ ᠨᠠᠩ ᠳᠥᠭᠦᠮ ᠳᠥᠲᠡ ᠦᠢᠯᠡᠴᠢᠯᠡᠭᠡ ᠬᠠᠩᠭᠠᠪᠠ︾ ᠭᠡᠵᠦ  ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠬᠢᠭᠡᠳ ᠣᠨᠴᠠ ᠲᠦᠷᠦᠯ ᠤᠨ ᠵᠢᠵᠢᠭᠦᠷ ᠤᠨ ᠴᠠᠭᠳᠠᠭ᠎ᠠ ᠪᠠ ᠴᠠᠭᠳᠠᠨ ᠲᠣᠭᠤᠷᠢᠬᠤ ᠴᠠᠭᠳᠠᠭ᠎ᠠ ᠶᠢᠨ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠯ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号