| | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠲᠦᠷᠦᠭᠦᠬᠡᠨ ᠮᠡᠳᠡᠭᠳᠡᠯ ᠪᠠᠭᠤᠯᠭᠠᠵᠤ᠂ 9 ᠵᠦᠢᠯ ᠤᠨ ᠴᠢᠩᠭ᠎ᠠ ᠠᠷᠭ᠎ᠠ ᠬᠡᠮᠵᠢᠶ᠎ᠡ | ᠠᠪᠴᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠪᠥᠭᠡᠳ ᠭᠦᠢᠴᠡᠳ ᠠᠵᠢᠯ | ᠣᠯᠭᠤᠯᠲᠠ ᠶᠢ ᠪᠦᠭᠦ ᠬᠦᠴᠦᠨ ᠢᠶᠠᠷ ᠠᠬᠢᠭᠤᠯᠤᠨ᠎ᠠ ᠭᠡᠪᠡ᠃ | | | ᠮᠡᠳᠡᠭᠳᠡᠯ ᠳᠤ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠠᠵᠢᠯ ᠣᠯᠭᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠦᠷ᠎ᠡ ᠪᠦᠲᠦᠮᠵᠢ ᠶᠢ ᠠᠶᠢᠮᠠᠭ ᠬᠤᠲᠠ ᠶᠢᠨ ᠵᠠᠰᠠᠭ ᠤᠨ | ᠣᠷᠳᠣᠨ᠂ ᠶᠡᠭᠡ ᠳᠡᠭᠡᠳᠦ ᠰᠤᠷᠭᠠᠭᠤᠯᠢ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ | ᠣᠷᠣᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠥᠮᠥᠨ ᠬᠡᠷᠡᠭᠯᠡᠬᠦ ᠨᠢᠭᠡᠴᠢ ᠶᠢᠨ ᠮᠡᠳᠡᠭᠡ ᠵᠠᠩᠭᠢ ᠶᠢ | ᠴᠤᠭᠯᠠᠭᠤᠯᠬᠤ᠂ ᠨᠡᠶᠢᠲᠡᠯᠡᠬᠦ ᠵᠡᠷᠭᠡ ᠠᠵᠢᠯ ᠢ ᠰᠠᠶᠢᠲᠤᠷ ᠬᠢᠬᠦ ᠵᠡᠷᠭᠡ ᠣᠯᠠᠨ ᠠᠷᠭ᠎ᠠ ᠵᠠᠮ ᠢᠶᠠᠷ ᠠᠵᠢᠯ ᠤᠨ | ᠪᠠᠶᠢᠷᠢ ᠶᠢᠨ ᠬᠠᠩᠭᠠᠯᠭ᠎ᠠ ᠶᠢ ᠥᠷᠭᠡᠳᠬᠡᠬᠦ ᠭᠡᠷᠡᠭᠳᠡᠢ; ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ | ᠬᠤᠲᠠ ᠶᠢᠨ ᠬᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠭᠦᠨᠵᠡᠭᠡᠢ ᠠᠭᠤᠳᠠᠯᠵᠤ᠂ | ᠭᠠᠶᠢᠯᠢ ᠶᠢ ᠬᠠᠰᠤᠵᠤ ᠬᠡᠯᠲᠦᠷᠢᠭᠦᠯᠬᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠭᠦ᠂ | ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠬᠥᠭᠵᠢᠨ ᠪᠤᠵᠠᠭᠠᠶᠢᠷᠠᠬᠤ ᠪᠠ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠳᠡᠮᠵᠢᠵᠦ᠂ ᠰᠤᠷᠭᠠᠭᠤᠯᠢ ᠲᠡᠭᠦᠰᠦᠭᠰᠡᠳ ᠤᠨ | ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠪᠤᠭᠤᠷᠤᠯᠴᠤᠳ ᠲᠤ ᠦᠢᠯᠡᠴᠢᠯᠡᠬᠦ ᠠᠵᠤ ᠠᠬᠤᠢ | ᠵᠡᠷᠭᠡ ᠣᠯᠠᠨ ᠬᠦᠷᠢᠶᠡᠨ ᠳᠤ ᠠᠮᠢᠳᠤᠯᠢᠭ ᠢᠶᠠᠷ ᠠᠵᠢᠯ ᠣᠯᠬᠤ ᠶᠢ ᠵᠣᠷᠢᠭᠵᠢᠭᠤᠯᠵᠤ᠂ ︽ᠠᠯᠪᠠᠨ ᠵᠠᠷᠤᠳᠠᠯ ᠢᠶᠠᠷ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠷᠣᠬᠴᠢ︾ ᠬᠥᠮᠥᠵᠢᠭᠦᠯᠬᠦ ᠵᠡᠷᠭᠡ ᠣᠷᠣᠨ ᠨᠤᠲᠤᠭ ᠤᠨ ᠦᠨᠳᠦᠰᠦᠨ | ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠢ ᠰᠢᠨ᠎ᠡ ᠪᠠᠷ ᠥᠷᠨᠢᠭᠦᠯᠬᠦ ᠶᠢ ᠳᠡᠮᠵᠢᠬᠦ ᠭᠡᠷᠡᠭᠳᠡᠢ; ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ᠂ ᠵᠢᠭᠠᠨ ᠰᠤᠷᠭᠠᠯᠲᠠ ᠶᠢᠨ | ᠲᠤᠰᠠᠯᠠᠭᠴᠢ ᠶᠢᠨ ᠠᠵᠢᠯ ᠤᠨ ᠪᠠᠶᠢᠷᠢ ᠵᠡᠷᠭᠡ ᠶᠢ ᠭᠦᠢᠴᠡᠳ ᠠᠭᠤᠳᠠᠯᠤᠨ ᠥᠷᠭᠡᠳᠬᠡᠬᠦ ᠭᠡᠷᠡᠭᠳᠡᠢ; ᠬᠠᠮᠲᠤᠷᠠᠨ | ᠠᠵᠢᠯᠲᠠᠨ ᠤᠷᠢᠵᠤ ᠡᠯᠰᠡᠬᠦ ᠠᠵᠢᠯᠯᠠᠭ᠎ᠠ ᠶᠢ ᠥᠷᠨᠢᠭᠦᠯᠵᠦ᠂ ᠣᠷᠣᠨ ᠨᠤᠲᠤᠭ ᠤᠨ ᠬᠢᠨ ᠥᠪᠡᠷᠲᠡᠭᠡᠨ ᠵᠠᠰᠠᠬᠤ | ᠣᠷᠣᠨ ᠤ ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠢ ᠤᠰᠤᠲᠥ᠋ᠷᠥᠭᠵᠢᠭᠦᠯᠤᠨ ᠬᠠᠳᠠᠭᠠᠯᠠᠬᠤ | ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠳᠠᠳᠤᠯᠭ᠎ᠠ ᠶᠢᠨ ᠠᠵᠢᠯ ᠣᠯᠭᠤᠯᠲᠠ ᠶᠢᠨ | ᠰᠠᠭᠤᠷᠢᠨ ᠢ ᠬᠠᠮᠲᠤᠷᠠᠨ ᠪᠦᠲᠦᠭᠡᠨ ᠪᠠᠶᠢᠭᠤᠯᠬᠤ ᠶᠢ ᠳᠡᠮᠵᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠴᠢᠭᠯᠡᠭᠦᠯᠦᠭᠰᠡᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠡᠯ᠎ᠡ ᠭᠠᠵᠠᠷ | ᠣᠷᠣᠨ ᠡᠯ᠎ᠡ ᠰᠤᠷᠭᠠᠭᠤᠯᠢ ᠡᠯ᠎ᠡ ᠰᠠᠯᠠᠭ᠎ᠠ ᠮᠥᠴᠢᠷ ᠤᠳ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠰᠦᠯᠵᠢᠶᠡᠨ | ᠳᠡᠭᠡᠷ᠎ᠡ ᠪᠠ ᠠᠬᠤᠢ ᠲᠠᠯᠠᠪᠠᠢ ᠶᠢᠨ ᠠᠵᠢᠯᠲᠠᠨ ᠡᠯᠰᠡᠬᠦ ᠠᠵᠢᠯᠯᠠᠭ᠎ᠠ ᠵᠢᠴᠢ ᠲᠠᠰ᠂ ᠠᠵᠢᠯ ᠲᠥᠷᠥᠯ᠂ ᠭᠠᠵᠠᠷ ᠣᠷᠣᠨ | ᠠᠯᠤᠰᠯᠠᠭᠰᠠᠨ ᠠᠵᠢᠯᠲᠠᠨ ᠤᠷᠢᠵᠤ ᠡᠯᠰᠡᠬᠦ ᠰᠢᠷᠢᠰ ᠴᠤᠭᠯᠠᠭᠠᠨ ᠢ ᠬᠠᠮᠲᠤ ᠪᠠᠷ ᠡᠷᠭᠢᠯᠡᠵᠦ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠲᠡᠭᠦᠰᠦᠭᠰᠡᠳ ᠲᠤ 3 ᠠᠴᠠ | ᠳᠡᠭᠡᠭᠰᠢ ᠪᠦᠲᠦᠮᠵᠢᠲᠡᠶ ᠠᠵᠢᠯ ᠤᠨ ᠪᠠᠶᠢᠷᠢ ᠬᠠᠩᠭᠠᠬᠤ ᠭᠡᠷᠡᠭᠲᠡᠢ; ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠳᠦᠷᠢᠮ ᠢ ᠪᠦᠷᠢᠨᠰᠢᠭᠦᠯᠵᠦ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ | ᠨᠡᠶᠢᠲᠡᠯᠡᠬᠦ ᠲᠣᠭᠲᠠᠴᠠ ᠪᠠ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ | ᠣᠷᠳᠣ ᠬᠤᠭᠤᠴᠠᠭᠠᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠵᠢᠱᠢᠭᠰᠡᠨ ᠮᠡᠳᠡᠭᠦᠯᠦᠯᠲᠡ | ᠪᠠ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠶᠢ ᠲᠣᠭᠲᠠᠮᠠᠯ ᠬᠤᠭᠤᠴᠠᠭ᠎ᠠ ᠲᠠᠢ | ᠨᠡᠶᠢᠲᠡᠯᠡᠨ᠂ ᠴᠢᠳᠠᠪᠤᠷᠢᠲᠠᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ | ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠤᠷᠢᠳᠴᠢᠯᠠᠭᠰᠠᠨ ᠴᠢᠨᠠᠷᠲᠠᠢ ᠲᠤᠰᠬᠠᠢ ᠮᠡᠷᠭᠡᠵᠢᠯ ᠤᠨ | ᠪᠠᠶᠢᠷᠢᠰᠢᠭᠤᠯᠤᠯᠲᠠ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠭᠡᠷᠡᠭᠲᠡᠢ; ᠰᠣᠷᠣᠬᠴᠢ ᠡᠯᠰᠡᠬᠦ ︱ | ᠬᠥᠮᠥᠵᠢᠭᠦᠯᠬᠦ ︱ ᠠᠵᠢᠯ ᠣᠯᠭᠤᠯᠲᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ | ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ᠂ ᠰᠣᠷᠣᠬᠴᠢ ᠡᠯᠰᠡᠬᠦ ᠲᠥᠯᠥᠪᠯᠡᠭᠡ ᠶᠢᠨ | ᠬᠤᠪᠢᠶᠠᠷᠢᠯᠠᠯᠲᠠ ᠬᠢᠭᠡᠳ ᠠᠵᠤ ᠦᠢᠯᠡᠰ ᠤᠨ ᠪᠠᠶᠢᠷᠢᠰᠢᠭᠤᠯᠤᠯᠲᠠ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠬᠢᠭᠡᠳ | ᠠᠵᠤ ᠦᠢᠯᠡᠰ ᠤᠨ ᠲᠠᠰ ᠳᠡᠪᠰᠢᠬᠦ ᠶᠢ ᠵᠡᠷᠭᠡ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠭᠡᠷᠡᠭᠲᠡᠢ; ᠲᠡᠭᠦᠰᠬᠦ | ᠰᠤᠷᠤᠬᠴᠢᠳ ᠤᠨ ᠠᠵᠢᠯ ᠡᠷᠢᠵᠦ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠬᠴᠢᠳ ᠤᠨ ᠠᠵᠢᠯ | ᠣᠯᠵᠤ ᠦᠢᠯᠡᠰ ᠪᠣᠰᠬᠠᠬᠤ ᠬᠡᠪ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠲᠤᠰᠬᠠᠢ ᠬᠠᠪᠰᠤᠷᠤᠨ ᠵᠢᠯᠣᠭᠤᠳᠤᠯᠭ᠎ᠠ ᠶᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠣᠯᠵᠤ | ᠬᠥᠮᠥᠨ ᠬᠥᠮᠥᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠶᠤᠲᠠᠳ ᠢ ᠬᠠᠪᠰᠤᠷᠤᠨ ᠠᠵᠢᠯ | ᠮᠡᠷᠭᠡᠵᠢᠯ ᠤᠨ ᠬᠡᠪ ᠪᠣᠯᠪᠠᠰᠤᠷᠠᠯ ᠢ ᠬᠥᠮᠥᠵᠢᠭᠦᠯᠵᠦ᠂ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠬᠡᠷᠡᠭᠲᠡᠢ | ᠭᠡᠵᠦ ᠱᠠᠭᠠᠷᠳᠠᠪᠠ᠃ | | | ᠮᠡᠳᠡᠭᠳᠡᠯ ᠳᠤ ᠪᠠᠰᠠ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠭᠠᠭᠤᠯᠢ ᠲᠡᠭᠦᠰᠦᠭᠰᠡᠳ ᠢ ᠬᠠᠪᠰᠤᠷᠤᠨ | ᠲᠡᠳᠬᠦᠬᠦ ᠶᠢ ᠴᠢᠩᠭᠠᠳᠬᠠᠬᠤ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠬᠥᠮᠥᠨ ᠬᠥᠮᠥᠵᠢᠭᠦᠯᠬᠦ ᠶᠢ | ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠪᠠ ᠦᠢᠯᠡᠰ ᠪᠣᠰᠬᠠᠬᠤ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠬᠤ | ᠵᠡᠷᠭᠡ ᠲᠠᠯ᠎ᠠ ᠪᠠᠷ ᠪᠠᠰᠠ ᠪᠣᠳᠠᠲᠠᠢ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃ ᠡᠳᠡᠭᠡᠷ ᠬᠠᠮ ᠠᠷᠭ᠎ᠠ ᠬᠡᠮᠵᠢᠶ᠎ᠡ | ᠪᠠᠷ ᠮᠠᠨ ᠤ ᠣᠷᠣᠨ ᠤ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠬᠤ ᠶᠢ | ᠬᠦᠴᠦᠲᠡᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠪᠥᠭᠡᠳ ᠭᠦᠢᠴᠡᠳ | ᠠᠵᠢᠯ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | |