| | ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠴᠠ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 2025 ᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ | ᠶᠢ ᠳᠠᠷᠤᠮᠠᠯᠯᠠᠨ ᠲᠠᠷᠬᠠᠭᠠᠬᠤ ᠪᠠᠷ ᠳᠠᠮᠵᠢᠭᠤᠯᠤᠨ᠂ 2025 ᠣᠨ ᠤ 1 ᠳ᠋ᠦ᠋ᠭᠡᠷ ᠲᠣᠭᠠᠲᠤ ᠤᠢ ᠰᠢᠭᠤᠢ ᠶᠢᠨ | ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ | ᠰᠢᠰᠲ᠋ᠧᠮ ᠢ ᠪᠦᠷᠢᠨᠰᠢᠭᠦᠯᠬᠦ᠂ ᠤᠢ ᠰᠢᠭᠤᠢ ᠪᠠ ᠨᠤᠲᠤᠭ ᠪᠡᠯᠴᠢᠭᠡᠷ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠬᠤ᠂ ᠡᠬᠢ ᠪᠠᠶᠠᠯᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ᠂ ᠣᠶ ᠰᠢᠭᠤᠢ ᠪᠠ | ᠨᠤᠲᠤᠭ ᠪᠡᠯᠴᠢᠭᠡᠷ ᠤᠨ ᠬᠦᠷᠢᠶᠡᠨ ᠳᠠᠬᠢ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ᠂ ᠣᠶ ᠰᠢᠭᠤᠢ ᠪᠠ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠵᠡᠷᠭᠡ 5 ᠲᠠᠯ᠎ᠠ ᠪᠠᠷ 2025 ᠣᠨ ᠤ 18 | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠪᠠ᠃ | | | ᠶᠡᠷᠦᠩᠬᠡᠢ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠣᠶ ᠰᠢᠭᠤᠢ ᠶᠢᠨ ᠳᠠᠷᠤᠭ᠎ᠠ ᠶᠢᠨ ᠵᠠᠷᠯᠢᠭ | ᠪᠠᠭᠤᠯᠭᠠᠬᠤ᠂ ᠱᠠᠯᠠᠪᠳᠠᠭᠤᠯᠤᠨ ᠰᠢᠢᠳᠪᠦᠷᠢᠯᠡᠬᠦ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠶᠢ | ᠪᠦᠷᠢᠨᠰᠢᠭᠦᠯᠵᠦ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ | ᠡᠯ᠎ᠡ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠨ ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠭᠡᠷᠡᠭᠲᠡᠢ; ᠣᠶ ᠰᠢᠭᠤᠢ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠪᠦᠭᠦ ᠲᠠᠯ᠎ᠠ ᠪᠠᠷ ᠴᠢᠩᠭᠠᠳᠬᠠᠨ᠂ ᠠᠶᠢᠮᠠᠭ | ᠬᠤᠲᠠ ᠬᠤᠰᠢᠭᠤ ᠰᠢᠶᠠᠨ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠩᠨᠡᠭᠡ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠨᠢᠭᠡ ᠪᠦᠯᠦᠭ ᠦᠨᠳᠦᠰᠦᠨ ᠱᠠᠲᠤᠨ ᠤ ᠣᠶ ᠰᠢᠭᠤᠢ ᠪᠠ | ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢ ᠲᠦᠷᠭᠡᠨ ᠰᠡᠷᠭᠦᠭᠡᠬᠦ ᠭᠡᠷᠡᠭᠲᠡᠢ; ᠪᠡᠯᠴᠢᠭᠡᠷ ᠤᠨ ᠳᠠᠭᠠᠭᠠᠴᠠ | ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠭᠦ ᠣᠷᠣᠨ ᠤ ᠪᠠᠶᠢᠭᠠᠯᠢ ᠶᠢᠨ | ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ | ᠪᠤᠯᠲᠠᠯ᠎ᠠ ᠪᠠᠭᠤᠷᠠᠭᠤᠯᠬᠤ ᠶᠢ ᠠᠬᠢᠭᠤᠯᠬᠤ ᠭᠡᠷᠡᠭᠲᠡᠢ;︽ᠨᠢᠰᠬᠡᠯ ᠢᠶᠠᠷ ᠠᠵᠢᠭᠯᠠᠬᠤ᠂ ᠭᠠᠵᠠᠷ ᠳᠡᠭᠡᠷ᠎ᠡ ᠪᠠᠶᠢᠴᠠᠭᠠᠬᠤ︾ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ︽ᠥᠴᠥᠬᠡᠨ ᠴᠦ ᠠᠭᠤᠴᠢᠯᠠᠬᠤ ᠦᠭᠡᠢ︾ᠣᠪᠣᠷ ᠢᠶᠠᠷ ᠣᠶ | ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠭᠡᠷᠡᠭᠳᠡᠢ; ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠳᠬᠡᠨ | ᠰᠢᠯᠢᠳᠡᠭᠵᠢᠭᠦᠯᠬᠦ ᠪᠠ ᠠᠯᠠᠱᠠ ᠠᠭᠤᠯᠠ᠂ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ | ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠳᠤᠷ᠎ᠠ ᠪᠠᠷ ᠠᠩᠨᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ | ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠠᠷᠠᠯᠵᠢᠶᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠭᠡᠷᠡᠭᠳᠡᠢ; ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠠᠵᠢᠯ ᠪᠠ | ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠵᠡᠷᠭᠡ ᠬᠦᠨᠳᠦ ᠶᠡᠭᠡ ᠣᠶ ᠰᠢᠭᠤᠢ ᠪᠠ ᠨᠤᠲᠤᠭ | ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ | ᠬᠡᠷᠡᠭᠲᠡᠢ ᠭᠡᠵᠦ ᠱᠠᠭᠠᠷᠳᠠᠪᠠ᠃ | | | ᠶᠡᠷᠦᠩᠬᠡᠢ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠠᠮᠤᠷ | ᠲᠦᠪᠰᠢᠨ ᠢ ᠪᠠᠲᠤᠯᠠᠵᠤ᠂ ᠪᠠᠶᠢᠭᠠᠯᠢ ᠶᠢᠨ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠰᠡᠷᠭᠦᠭᠡᠨ | ᠳᠡᠭᠡᠭᠰᠢᠯᠡᠭᠦᠯᠭᠦ ᠶᠢ ᠲᠦᠷᠭᠡᠳᠬᠡᠨ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠤᠨ ᠢᠳᠡᠵᠦ ᠪᠤᠯᠬᠤ ᠡᠪᠡᠰᠦ | ᠪᠣᠷᠳᠤᠭ᠎ᠠ ᠶᠢᠨ ᠭᠠᠷᠤᠯᠲᠠ ᠶᠢ 2900 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ | ᠬᠦᠴᠦᠯᠡᠵᠦ᠂ ᠬᠡᠷᠡᠭᠴᠡᠭᠡ ᠲᠣᠭᠲᠠᠭᠤᠨ᠂ ᠭᠠᠷᠤᠯᠲᠠ ᠲᠣᠭᠲᠠᠭᠤᠨ᠂ ᠶᠠᠰᠤ ᠴᠢᠨᠠᠷ ᠲᠣᠭᠲᠠᠭᠤᠨ ᠲᠠᠷᠢᠮᠠᠯ ᠡᠪᠡᠰᠦ | ᠪᠣᠷᠳᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠢ 2000 ᠲᠦᠮᠡᠨ ᠮᠦ ᠠᠴᠠ ᠳᠡᠭᠡᠭᠰᠢ ᠪᠦᠲᠦᠭᠡᠨ ᠪᠠᠶᠢᠭᠤᠯᠤᠨ᠎ᠠ᠃ | ᠦᠷ᠎ᠡ ᠡᠳ᠋ ᠤᠨ ᠡᠬᠢ ᠪᠠᠶᠠᠯᠢᠭ ᠤᠨ ᠪᠠᠲᠤᠯᠠᠭ᠎ᠠ ᠶᠢ ᠦᠷᠭᠦᠯᠵᠢᠯᠡᠨ ᠠᠬᠢᠭᠤᠯᠵᠤ᠂ ᠣᠶ ᠰᠢᠭᠤᠢ ᠡᠪᠡᠰᠦᠨ ᠤ ᠦᠷ᠎ᠡ | ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠰᠲ᠋ᠧᠮ᠂ ᠣᠶ ᠰᠢᠭᠤᠢ ᠡᠪᠡᠰᠦᠨ ᠤ ᠦᠷ᠎ᠡ ᠪᠠ ᠵᠤᠯᠵᠠᠭ᠎ᠠ ᠮᠣᠳᠣ | ᠶᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ᠂ ᠣᠶ ᠰᠢᠭᠤᠢ ᠡᠪᠡᠰᠦᠨ ᠤ ᠦᠷ᠎ᠡ ᠪᠠ ᠵᠤᠯᠵᠠᠭ᠎ᠠ ᠮᠣᠳᠣ ᠶᠢ ᠬᠢᠨᠠᠨ | ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠵᠡᠷᠭᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠠ ᠵᠤᠯᠵᠠᠭ᠎ᠠ | ᠮᠣᠳᠣᠨ ᠤ ᠬᠠᠩᠭᠠᠯᠭ᠎ᠠ ᠶᠢ ᠬᠦᠴᠦᠯᠡᠨ ᠪᠠᠲᠤᠯᠠᠨ᠎ᠠ ᠭᠡᠵᠦ ᠲᠣᠭᠲᠠᠪᠠ᠃ | |