| ᠣᠶᠢᠷ᠎ᠠ ᠳᠤ᠂ ᠰᠠᠶᠢᠬᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠰᠠᠶᠢᠬᠠᠨ ᠲᠣᠭᠤᠷᠢᠭ ᠤᠨ | ᠬᠠᠶᠢᠷ᠎ᠠ ᠬᠠᠯᠠᠮᠵᠢ ᠬᠦᠷᠭᠡᠬᠦ ᠡᠷᠡᠭᠦᠯᠵᠢᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ︽ᠬᠠᠶᠢᠷ᠎ᠠ ᠬᠠᠯᠠᠮᠵᠢ ᠬᠦᠷᠭᠡᠬᠦ | ᠠᠵᠢᠯᠯᠠᠭ᠎ᠠ᠂ ᠰᠡᠳᠬᠢᠯ ᠵᠢᠷᠦᠬᠡ ᠪᠠᠨ ᠬᠤᠯᠪᠣᠬᠤ︾ ᠠᠵᠢᠯᠯᠠᠭ᠎ᠠ ᠡᠷᠬᠢᠯᠡᠵᠦ᠂ ᠬᠦᠴᠢᠷᠲᠡᠢ ᠬᠡᠦᠬᠡᠳ ᠲᠤ ᠬᠠᠶᠢᠷ᠎ᠠ | ᠬᠠᠯᠠᠮᠵᠢ ᠬᠦᠷᠭᠡᠬᠦ ᠰᠦᠯᠵᠢᠶ᠎ᠡ ᠶᠢ ᠪᠠᠶᠢᠭᠤᠯᠵᠤ ᠥᠭᠪᠡ᠃ | | | | | | ᠣᠶᠢᠷ᠎ᠠ ᠶᠢᠨ ᠵᠢᠯ ᠂ ᠰᠠᠶᠢᠬᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠬᠦᠴᠢᠷᠳᠡᠯ ᠳᠤ | ᠲᠤᠯᠭᠠᠷᠠᠭᠰᠠᠨ ᠬᠠᠮᠲᠤᠯᠢᠭ ᠢ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠲᠤᠰᠬᠠᠢ ᠪᠠᠶᠢᠭᠤᠯᠤᠮᠵᠢ ᠵᠡᠷᠭᠡ ᠣᠯᠠᠨ ᠡᠰᠢᠲᠦ ᠬᠦᠴᠦᠨ ᠢ ᠡᠮᠬᠢᠯᠡᠨ ᠨᠡᠶᠢᠯᠡᠭᠦᠯᠬᠦ ᠪᠠᠷ | ᠳᠠᠮᠵᠢᠭᠤᠯᠤᠨ᠂ ᠬᠤᠲᠠ ᠬᠥᠳᠡᠭᠡ ᠶᠢ ᠬᠠᠮᠤᠷᠤᠭᠰᠠᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠪᠠ᠃ ᠲᠣᠰ ᠤᠳᠠᠭᠠᠨ ᠤ ᠬᠤᠣᠰᠯᠠᠨ ᠬᠠᠪᠰᠤᠷᠤᠨ ᠲᠡᠳᠬᠦᠬᠦ ᠠᠵᠢᠯᠯᠠᠭ᠎ᠠ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠦᠰᠦᠨ ᠪᠣᠶᠢᠵᠢᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠳᠣ | ᠬᠤᠭᠤᠴᠠᠭᠠᠨ ᠤ ᠬᠠᠶᠢᠷ᠎ᠠ ᠰᠡᠳᠬᠢᠯᠭᠡ ᠶᠢ ᠬᠤᠯᠪᠣᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ | ᠬᠡᠦᠬᠡᠳ ᠤᠳ ᠲᠤ ᠠᠮᠢᠳᠤᠷᠠᠯ ᠤᠨ ᠬᠠᠷᠠᠭᠠᠯᠵᠠᠯ᠂ ᠰᠤᠷᠤᠯᠭ᠎ᠠ ᠶᠢᠨ ᠬᠠᠪᠰᠤᠷᠤᠨ ᠵᠢᠯᠣᠭᠤᠳᠤᠯᠭ᠎ᠠ᠂ ᠰᠡᠳᠬᠢᠴᠡ ᠶᠢᠨ | ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠵᠤ᠂ ᠬᠡᠦᠬᠡᠳ ᠤᠳ ᠲᠤ ᠨᠡᠶᠢᠭᠡᠮ ᠤᠨ ᠬᠠᠯᠠᠭᠤᠨ ᠳᠤᠯᠠᠭᠠᠨ ᠢ | ᠮᠡᠳᠡᠷᠡᠭᠦᠯᠵᠦ᠂ ᠠᠮᠢᠳᠤᠷᠠᠯ ᠤᠨ ᠢᠲᠡᠭᠡᠯ ᠵᠣᠷᠢᠭ ᠪᠠ ᠰᠥᠰᠥ ᠵᠣᠷᠢᠭ ᠢ ᠳᠠᠬᠢᠨ ᠬᠥᠪᠴᠢᠯᠡᠪᠡ᠃ | | | | | | | ᠬᠤᠵᠢᠮ ᠡᠮᠡᠭᠲᠡᠶᠢᠴᠦᠳ ᠤᠨ ᠬᠤᠯᠪᠣᠭ᠎ᠠ ᠡᠭᠦᠨ ᠢᠶᠠᠷ ᠲᠠᠪᠴᠠᠩ ᠪᠣᠯᠭᠠᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠠᠮᠢᠳᠤᠷᠠᠯ᠂ ᠰᠤᠷᠤᠯᠭ᠎ᠠ᠂ ᠡᠷᠡᠭᠦᠯ ᠮᠡᠨᠳᠦ ᠵᠡᠷᠭᠡ ᠲᠠᠯ᠎ᠠ ᠶᠢᠨ ᠪᠣᠳᠠᠲᠠᠢ ᠬᠦᠴᠢᠷᠳᠡᠯ ᠢ | ᠦᠷᠭᠦᠯᠵᠢᠯᠡᠨ ᠬᠠᠪᠰᠤᠷᠤᠨ ᠰᠢᠢᠳᠪᠦᠷᠢᠯᠡᠵᠦ᠂ ᠬᠡᠦᠬᠡᠳ ᠤᠳ ᠲᠤ ᠦᠵᠡᠯ ᠰᠠᠨᠠᠭᠠᠨ ᠤ ᠵᠢᠯᠣᠭᠤᠳᠤᠯᠭ᠎ᠠ᠂ | ᠠᠮᠢᠳᠤᠷᠠᠯ ᠤᠨ ᠬᠠᠷᠠᠭᠠᠯᠵᠠᠯ᠂ ᠬᠦᠴᠢᠷᠳᠡᠯ ᠢ ᠬᠠᠪᠰᠤᠷᠤᠨ ᠲᠡᠳᠬᠦᠬᠦ᠂ ᠡᠷᠡᠭᠦᠯ ᠮᠡᠨᠳᠦ ᠶᠢ ᠬᠠᠮᠠᠭᠠᠯᠠᠬᠤ ᠪᠠ ᠲᠦᠷᠦᠯ | ᠰᠠᠳᠤᠨ ᠤ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠨ᠎ᠠ᠃ ᠰᠠᠶᠢᠬᠠᠨ ᠲᠣᠭᠤᠷᠢᠭ ᠴᠤ ᠠᠵᠢᠯ ᠤᠨ ᠠᠷᠭ᠎ᠠ | ᠬᠡᠮᠵᠢᠶ᠎ᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ | ᠡᠯ᠎ᠡ ᠡᠲᠡᠭᠡᠳ ᠤᠨ ᠬᠦᠴᠦᠨ ᠢ ᠳᠠᠶᠢᠴᠢᠯᠠᠨ ᠬᠠᠪᠰᠤᠷᠤᠨ ᠲᠡᠳᠬᠦᠬᠦ ᠠᠵᠢᠯ ᠳᠤ ᠣᠷᠣᠯᠴᠠᠭᠤᠯᠵᠤ᠂ | ᠬᠡᠦᠬᠡᠳ ᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠶᠢ ᠭᠦᠢᠴᠡᠳ ᠣᠶᠢᠯᠠᠭᠠᠭᠤᠯᠵᠤ᠂ | ᠲᠡᠳᠡᠨ ᠤ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠪᠣᠯᠣᠨ᠎ᠠ᠃ | | | | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |