| | ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ ᠵᠡᠭᠡᠯᠢ ᠭᠤᠳᠤᠮᠵᠢ ᠳᠤ᠂ ᠯᠢᠦ ᠵᠢᠶᠠᠨ ᠪᠢᠨ | ᠠᠰᠠᠷ ᠤᠨ ᠳᠠᠷᠤᠭ᠎ᠠ ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠬᠠᠪᠰᠤᠷᠤᠭᠴᠢ ᠪᠣᠯᠵᠠᠢ᠃ ᠲᠡᠳᠡ ᠨᠡᠶᠢᠭᠡᠮ | ᠲᠣᠭᠤᠷᠢᠭ ᠲᠤ ᠬᠠᠯᠠᠭᠤᠨ ᠰᠡᠳᠬᠢᠯᠭᠡ ᠪᠠᠷ ᠰᠠᠭᠤᠭᠠᠯᠢ ᠠᠷᠠᠳ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠵᠤ᠂ | ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ | | ᠬᠢᠩᠭᠠᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠵᠣᠬᠢᠶᠠᠨ | ᠪᠠᠶᠢᠭᠤᠯᠤᠯᠲᠠ ᠶᠢ ᠲᠣᠣᠷᠯᠢᠭ ᠳᠡᠭᠡᠷ᠎ᠡ ᠪᠠᠶᠢᠭᠤᠯᠬᠤ ᠶᠢ ᠪᠠᠷᠢᠮᠲᠠᠯᠠᠵᠤ᠂ ︽ᠨᠢᠭᠡ ᠲᠣᠣᠷᠵᠢᠯ ᠨᠢᠭᠡ ᠨᠠᠮ ᠤᠨ ᠡᠭᠦᠷ︾ | ᠤᠨ ᠵᠠᠷᠴᠢᠮ ᠶᠣᠰᠣᠭᠠᠷ᠂ ᠬᠠᠷᠢᠶᠠᠲᠤ ᠣᠷᠣᠨ ᠤ 138 ᠲᠣᠣᠷᠯᠢᠭ ᠳᠣᠲᠣᠷ᠎ᠠ ᠨᠠᠮ ᠤᠨ ᠡᠭᠦᠷ ᠢ ᠪᠥᠬᠦ ᠲᠠᠯ᠎ᠠ ᠪᠠᠷ | ᠪᠠᠶᠢᠭᠤᠯᠪᠠ᠃ ᠲᠣᠣᠷᠵᠢᠯ ᠤᠨ ᠨᠠᠮ ᠤᠨ ᠡᠭᠦᠷ ᠤᠨ ᠱᠦᠵᠢ ᠰᠢᠯᠢᠳᠡᠭ ᠢ ᠨᠢ ᠰᠣᠩᠭᠤᠨ ᠲᠣᠬᠢᠷᠠᠭᠤᠯᠬᠤ ᠪᠠᠷ | ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ᠂ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠨᠠᠮ ᠤᠨ ᠭᠡᠰᠢᠭᠦᠨ ᠵᠡᠷᠭᠡ | ᠬᠦᠴᠦᠨ ᠢ ᠲᠣᠣᠷᠵᠢᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠣᠷᠣᠭᠤᠯᠤᠨ᠎ᠠ᠃ | ᠰᠦᠯᠵᠢᠶᠡᠨ ᠤ ᠨᠠᠮ ᠤᠨ ᠡᠭᠦᠷ ᠲᠣᠭᠲᠠᠮᠠᠯ ᠬᠤᠭᠤᠴᠠᠭ᠎ᠠ ᠲᠠᠢ ᠪᠠᠷ ︽ᠠᠷᠠᠳ ᠤᠨ ᠪᠠᠶᠢᠳᠠᠯ ᠤᠨ ᠵᠥᠪᠯᠡᠯᠭᠡᠨ ᠤ | ᠵᠥᠪᠯᠡᠯ︾ ᠬᠤᠷᠠᠯᠳᠤᠭᠤᠯᠵᠤ᠂ ︽ᠰᠠᠭᠤᠭᠠᠯᠢ ᠠᠷᠠᠳ ᠤᠨ ᠵᠠᠬᠢᠶᠠᠯᠠᠭ᠎ᠠ ᠶᠢᠨ ᠬᠠᠭᠤᠳᠠᠰᠤ᠂ ᠨᠠᠮ ᠤᠨ ᠡᠭᠦᠷ ᠤᠨ | ᠬᠠᠭᠤᠳᠠᠰᠤ᠂ ᠨᠠᠮ ᠤᠨ ᠭᠡᠰᠢᠭᠦᠨ ᠤ ᠵᠠᠬᠢᠶᠠᠯᠠᠭ᠎ᠠ ᠶᠢᠨ ᠬᠠᠭᠤᠳᠠᠰᠤ᠂ ᠣᠯᠠᠨ ᠲᠦᠮᠡᠨ ᠤ ᠦᠨᠡᠯᠡᠯᠲᠡ ᠶᠢᠨ ᠬᠠᠭᠤᠳᠠᠰᠤ︾ | ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠨᠢᠭᠡᠨᠲᠡ ᠰᠠᠭᠤᠭᠠᠯᠢ ᠠᠷᠠᠳ ᠤᠨ ᠪᠠᠴᠢᠮ ᠪᠡᠷᠬᠡ ᠵᠣᠪᠠᠨᠢᠯ ᠤᠨ | ᠠᠰᠠᠭᠤᠳᠠᠯ ᠢ 36 ᠬᠤᠪᠢ ᠰᠢᠢᠳᠪᠦᠷᠢᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ | ᠵᠠᠰᠠᠯᠲᠠ ᠳᠤᠮᠳᠠᠬᠢ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ | | ᠬᠢᠩᠭᠠᠨ ᠡᠮᠦᠨ᠎ᠡ ᠵᠠᠮ ᠵᠡᠭᠡᠯᠢ ᠭᠤᠳᠤᠮᠵᠢ ᠳᠤ 138 ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠢ | ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ︽ᠨᠢᠭᠡ ᠬᠡᠪ ᠨᠢᠭᠡ ᠭᠡᠰᠢᠭᠦᠨ᠂ ᠨᠢᠭᠡ ᠬᠠᠷᠢᠭᠤᠴᠠᠯᠭ᠎ᠠ ᠨᠢᠭᠡ ᠬᠥᠮᠥᠨ︾ ᠢ | ᠪᠡᠶᠡᠯᠡᠭᠦᠯᠪᠡ᠃ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠡᠳᠦᠷ ᠪᠦᠷᠢ ᠲᠣᠭᠤᠷᠢᠨ ᠪᠠᠶᠢᠴᠠᠭᠠᠵᠤ | ᠰᠤᠷᠪᠤᠯᠵᠢᠯᠠᠬᠤ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠵᠥᠷᠢᠴᠡᠯ ᠢ ᠡᠶᠡᠳᠡᠭᠦᠯᠬᠦ᠂ | ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠬᠦ | ᠬᠡᠷᠡᠭᠲᠡᠢ᠃ ᠡᠨᠡ ᠵᠢᠯ ᠠᠴᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠡᠶᠢᠲᠡ 151 ᠤᠳᠠᠭ᠎ᠠ ᠥᠷᠨᠢᠭᠦᠯᠵᠦ᠂ | ᠵᠥᠷᠢᠴᠡᠯ ᠢ 33 ᠤᠳᠠᠭ᠎ᠠ ᠡᠶᠡᠳᠡᠭᠦᠯᠵᠦ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠵᠦᠢᠯᠡᠰ ᠢ 42 | ᠤᠳᠠᠭ᠎ᠠ ᠣᠷᠣᠯᠠᠨ ᠭᠦᠢᠴᠡᠳᠬᠡᠵᠦ᠂ ︽ᠪᠠᠭ᠎ᠠ ᠶᠠᠪᠤᠳᠠᠯ ᠢ ᠲᠣᠣᠷᠵᠢᠭᠤᠯᠬᠤ ᠠᠴᠠ᠂ ᠶᠡᠭᠡ ᠶᠠᠪᠤᠳᠠᠯ ᠢ ᠨᠡᠶᠢᠭᠡᠮ | ᠲᠣᠭᠤᠷᠢᠭ ᠠᠴᠠ ᠭᠠᠷᠭᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠪᠡ᠃ | | ᠬᠢᠩᠭᠠᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠰᠠᠭᠤᠭᠠᠯᠢ ᠠᠷᠠᠳ᠂ | ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠰᠠᠶᠢᠨ ᠳᠤᠷᠠᠴᠤᠳ ᠤᠨ ᠳᠣᠲᠣᠷ᠎ᠠ ᠠᠴᠠ 441 ᠠᠰᠠᠷ ᠤᠨ | ᠳᠠᠷᠤᠭ᠎ᠠ᠂ 1125 ᠨᠡᠷᠡᠰ ᠨᠢᠭᠡᠴᠡ ᠶᠢᠨ ᠳᠠᠷᠤᠭ᠎ᠠ ᠶᠢ ᠰᠢᠯᠢᠨ ᠰᠣᠩᠭᠤᠵᠤ᠂ ᠲᠡᠳᠡᠨ ᠤ ︽ᠪᠣᠯᠪᠠᠰᠤᠷᠠᠩᠭᠤᠢ︾ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠡᠭᠦᠨ ᠢ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠮᠡᠳᠡᠭᠡ ᠵᠠᠩᠭᠢ | ᠴᠤᠭᠯᠠᠭᠤᠯᠤᠭᠴᠢ ᠪᠠ ᠵᠥᠷᠢᠴᠡᠯ ᠤᠨ ᠡᠶᠡᠳᠡᠭᠦᠯᠦᠭᠴᠢ ᠪᠣᠯᠭᠠᠨ᠎ᠠ᠃ ᠠᠰᠠᠷ ᠤᠨ ᠳᠠᠷᠤᠭ᠎ᠠ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ | ᠠᠷᠠᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ᠂ ᠰᠦᠯᠵᠢᠶᠡᠨ ᠤ ᠠᠵᠢᠯᠲᠠᠳ ᠢ ᠬᠠᠪᠰᠤᠷᠤᠨ | ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠨ᠎ᠠ᠃ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠤᠨ | ᠳᠤᠮᠳᠠ᠂ ᠠᠰᠠᠷ ᠤᠨ ᠳᠠᠷᠤᠭ᠎ᠠ ᠰᠠᠭᠤᠭᠠᠯᠢ ᠠᠷᠠᠳ ᠢ ᠢᠳᠡᠪᠬᠢᠲᠡᠢ ᠳᠠᠶᠢᠴᠢᠯᠠᠨ ᠣᠷᠣᠯᠴᠠᠭᠤᠯᠵᠤ᠂ ︽ᠬᠠᠮᠲᠤᠪᠠᠷ | ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | ᠲᠠᠷᠠᠭᠠᠴᠢ ᠶᠢᠨ ᠠᠯᠬᠤᠮ ᠳᠤ᠂ ᠬᠢᠩᠭᠠᠨ ᠡᠮᠦᠨ᠎ᠡ ᠵᠠᠮ ᠤᠨ ᠵᠡᠭᠡᠯᠢ ᠭᠤᠳᠤᠮᠵᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠶᠢᠷᠡᠨ | ᠬᠥᠭᠵᠢᠬᠦ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ︽ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ | ᠬᠠᠮᠲᠤ ᠪᠠᠷ ᠡᠳ᠋ᠯᠡᠬᠦ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ᠃ | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |