| | ᠣᠶᠢᠷ᠎ᠠ ᠳᠤ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠣᠷᠴᠢᠨ ᠠᠬᠤᠢ ᠶᠢᠨ ᠶᠠᠮᠤᠨ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠬᠠᠮᠲᠤᠷᠠᠨ︽2025 ᠣᠨ ᠤ ᠲᠣᠭᠠᠴᠢᠯᠠᠭᠰᠠᠨ | ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠬᠠᠮᠵᠢᠯᠴᠠᠭᠤᠯᠤᠨ ᠬᠥᠭᠵᠢᠭᠦᠯᠬᠦ ᠠᠵᠢᠯ ᠤᠨ ᠭᠤᠣᠯᠳᠠᠯᠭ᠎ᠠ︾ | ︵ᠳᠣᠷᠣᠭᠰᠢ ︽ᠠᠵᠢᠯ ᠤᠨ ᠭᠤᠣᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ ᠃ | | | ︽ᠠᠵᠢᠯ ᠤᠨ ᠭᠤᠣᠯᠳᠠᠯᠭ᠎ᠠ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠣᠨᠴᠠᠭᠠᠶᠢᠯᠠᠨ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ | ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ | ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠢ ᠶᠢᠨ ᠬᠡᠯᠪᠡᠷᠢ ᠬᠤᠪᠢᠷᠠᠭᠤᠯᠤᠨ ᠳᠡᠰ ᠳᠡᠪᠰᠢᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ | ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠬᠠᠮᠵᠢᠯᠴᠠᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠴᠢᠳᠠᠪᠬᠢ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ | ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠢᠳᠡᠪᠬᠢᠲᠡᠢ ᠬᠡᠷᠡᠭᠯᠡᠨ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠪᠣᠯᠭᠠᠬᠤ ᠬᠡᠯᠪᠡᠷᠢ ᠬᠤᠪᠢᠷᠠᠭᠤᠯᠬᠤ ᠶᠢᠨ ᠲᠣᠭᠠᠴᠢᠯᠠᠭᠰᠠᠨ ᠠᠵᠤ | ᠦᠢᠯᠡᠰ ᠲᠤ ᠦᠵᠡᠭᠦᠯᠬᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠤ ᠬᠦᠴᠦᠷᠬᠡᠭ ᠤᠯᠤᠰ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ ᠪᠠᠲᠤ ᠪᠠᠬᠢ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | | | ︽ᠠᠵᠢᠯ ᠤᠨ ᠭᠤᠣᠯᠳᠠᠯᠭ᠎ᠠ︾ ᠳᠤ 4 ᠲᠠᠯ᠎ᠠ ᠶᠢᠨ 22 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠪᠠ᠃ ᠨᠢᠭᠡ ᠳᠤ᠂ ᠲᠣᠭᠠᠴᠢᠯᠠᠭᠰᠠᠨ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠬᠥᠭᠵᠢᠯᠲᠡ ᠶᠢ ᠠᠬᠢᠭᠤᠯᠤᠨ᠎ᠠ᠃ ᠡᠭᠦᠨ ᠳᠤ ᠲᠤᠭ᠎ᠠ ᠪᠠᠷᠢᠮᠲᠠ ᠶᠢᠨ ᠲᠥᠪ ᠤᠨ ᠪᠣᠬᠢᠷᠲᠤᠯ ᠦᠭᠡᠢ ᠬᠡᠯᠪᠡᠷᠢ | ᠬᠤᠪᠢᠷᠠᠭᠤᠯᠬᠤ᠂ ᠰᠠᠭᠤᠷᠢ ᠥᠷᠲᠡᠭᠡ ᠶᠢᠨ ᠪᠣᠬᠢᠷᠲᠤᠯ ᠦᠭᠡᠢ ᠪᠠᠷ ᠠᠵᠢᠯᠯᠠᠬᠤ᠂ ᠡᠯᠧᠺᠲᠷᠣᠨ ᠮᠡᠳᠡᠭᠡ ᠵᠠᠩᠭᠢ ᠶᠢᠨ | ᠦᠢᠯᠡᠳᠬᠦᠨ ᠤ ᠪᠣᠬᠢᠷᠲᠤᠯ ᠦᠭᠡᠢ ᠦᠢᠯᠡᠳᠬᠦ ᠪᠠ ᠬᠡᠷᠡᠭᠯᠡᠬᠦ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠲᠡᠷᠢᠭᠦᠨ ᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠦᠭᠡᠢ ᠬᠥᠭᠵᠢᠯᠲᠡ ᠶᠢ | ᠬᠥᠲᠥᠯᠥᠨ ᠵᠢᠯᠣᠭᠤᠳᠤᠨ᠎ᠠ᠃ ᠬᠤᠶᠠᠷ ᠲᠤ᠂ ᠲᠣᠭᠠᠴᠢᠯᠠᠭᠰᠠᠨ ᠮᠡᠷᠭᠡᠵᠢᠯ ᠤᠨ ᠡᠨᠧᠷᠭᠢ ᠣᠯᠭᠤᠵᠤ ᠪᠣᠬᠢᠷᠲᠤᠯ ᠦᠭᠡᠢ | ᠬᠡᠯᠪᠡᠷᠢ ᠬᠤᠪᠢᠷᠠᠭᠤᠯᠬᠤ ᠶᠢ ᠲᠦᠷᠭᠡᠳᠬᠡᠨ᠎ᠡ᠃ ᠡᠭᠦᠨ ᠳᠤ ᠴᠠᠬᠢᠯᠭᠠᠨ ᠬᠦᠴᠦᠨ᠂ ᠠᠭᠤᠷᠬᠠᠢ ᠮᠠᠯᠲᠠᠬᠤ᠂ ᠲᠡᠮᠦᠷᠯᠢᠭ | ᠬᠠᠶᠢᠯᠤᠭᠤᠯᠬᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ | ᠪᠠᠷᠢᠯᠭ᠎ᠠ᠂ ᠬᠤᠳᠠ ᠶᠢᠨ ᠠᠵᠢᠯᠯᠠᠭ᠎ᠠ᠂ ᠤᠳᠤ ᠦᠶ᠎ᠡ ᠶᠢᠨ ᠲᠠᠷᠢᠶᠠᠯᠠᠩ ᠵᠡᠷᠭᠡ 8 ᠬᠦᠷᠢᠶᠡᠨ ᠤ ᠪᠣᠬᠢᠷᠲᠤᠯ ᠦᠭᠡᠢ | ᠬᠡᠯᠪᠡᠷᠢ ᠬᠤᠪᠢᠷᠠᠭᠤᠯᠬᠤ ᠵᠢᠴᠢ ᠲᠣᠭᠠᠴᠢᠯᠠᠭᠰᠠᠨ ᠮᠡᠷᠭᠡᠵᠢᠯ ᠤᠨ ᠡᠨᠧᠷᠭᠢ ᠣᠯᠭᠤᠬᠤ ᠠᠮᠢ ᠠᠬᠤᠢ ᠶᠢᠨ ᠣᠷᠴᠢᠨ | ᠲᠣᠭᠤᠷᠢᠨ ᠤ ᠵᠠᠰᠠᠯᠲᠠ ᠶᠢ ᠠᠬᠢᠭᠤᠯᠵᠤ᠂ ᠲᠣᠭᠠᠴᠢᠯᠠᠭᠰᠠᠨ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ | ᠬᠠᠮᠵᠢᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠪᠠᠭᠲᠠᠭᠠᠨ᠎ᠠ᠃ ᠭᠤᠷᠪᠠ ᠳᠤ᠂ ᠪᠣᠬᠢᠷᠲᠤᠯ | ᠦᠭᠡᠢ ᠬᠡᠯᠪᠡᠷᠢ ᠬᠤᠪᠢᠷᠠᠭᠤᠯᠤᠯᠲᠠ ᠶᠢᠨ ᠲᠣᠭᠠᠴᠢᠯᠠᠭᠰᠠᠨ ᠠᠵᠤ ᠦᠢᠯᠡᠰ ᠲᠤ ᠦᠵᠡᠭᠦᠯᠬᠦ ᠳᠠᠶᠢᠴᠢᠯᠠᠬᠤ | ᠦᠢᠯᠡᠳᠦᠯ ᠢ ᠪᠠᠳᠠᠷᠠᠭᠤᠯᠤᠨ᠎ᠠ᠃ ᠡᠭᠦᠨ ᠳᠤ ᠲᠣᠭᠠᠴᠢᠯᠠᠭᠰᠠᠨ ᠪᠣᠬᠢᠷᠲᠤᠯ ᠦᠭᠡᠢ ᠰᠠᠭᠤᠷᠢ ᠲᠥᠬᠦᠭᠡᠷᠦᠮᠵᠢ ᠶᠢ ᠲᠡᠰ | ᠳᠡᠪᠰᠢᠭᠦᠯᠬᠦ᠂ ᠲᠣᠭᠠᠴᠢᠯᠠᠭᠰᠠᠨ ᠪᠣᠬᠢᠷᠲᠤᠯ ᠦᠭᠡᠢ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ᠂ | ᠲᠣᠭᠠᠴᠢᠯᠠᠭᠰᠠᠨ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠲᠣᠭᠠᠴᠢᠯᠠᠭᠰᠠᠨ ᠪᠣᠬᠢᠷᠲᠤᠯ | ᠦᠭᠡᠢ ᠬᠠᠮ ᠴᠢᠳᠠᠪᠤᠷᠢᠲᠠᠨ ᠢ ᠬᠥᠮᠥᠵᠢᠭᠦᠯᠬᠦ ᠶᠢ ᠪᠠᠭᠲᠠᠭᠠᠨ᠎ᠠ᠃ ᠳᠥᠷᠪᠡ ᠳᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠ ᠪᠦᠬᠦᠯᠢ ᠴᠣᠭᠴᠠ ᠪᠠᠷ ᠠᠬᠢᠭᠤᠯᠬᠤ ᠶᠢ ᠴᠢᠩᠭᠠᠳᠬᠠᠨ᠎ᠠ᠃ ᠡᠭᠦᠨ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠬᠠᠭᠤᠯᠭ᠎ᠠ ᠬᠥᠲᠥᠯᠥᠨ | ᠵᠢᠯᠤᠭᠤᠳᠬᠤ ᠶᠢ ᠴᠢᠩᠭᠠᠳᠬᠠᠨ᠎ᠠ᠃ | | | | | ᠢᠷᠡᠯᠲᠡ᠄ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠳᠤᠮᠳᠠᠳᠤ ᠤᠯᠤᠰ ᠤᠨ ᠨᠡᠶᠢᠲᠡ ᠶᠢᠨ ᠳ᠋ᠤᠭᠠᠷ |