| | | ︵ᠰᠤᠷᠪᠤᠯᠵᠢᠯᠠᠭᠴᠢ ᠳ᠋ᠢᠩ ᠴᠧᠨ︶ 5 ᠳ᠋ᠤᠭᠠᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠮᠡᠳᠡᠭᠳᠡᠯ ᠪᠠᠭᠤᠯᠭᠠᠵᠤ᠂ ︽ᠬᠤᠪᠢ | ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ | ᠨᠣᠷᠮ᠎ᠠ ᠶᠢ ᠪᠠᠭᠤᠷᠠᠭᠤᠯᠬᠤ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ᠤᠨ ᠵᠣᠷᠢᠭ | ᠰᠠᠨᠠᠭ᠎ᠠ ᠶᠢ ᠦᠨᠳᠦᠰᠦᠯᠡᠨ᠂ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ᠂ ᠬᠥᠬᠡᠬᠤᠲᠠ ᠶᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠬᠤᠪᠢ ᠬᠥᠮᠥᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠨᠣᠷᠮ᠎ᠠ ᠶᠢ 0.25 | ᠵᠠᠭᠤᠨ ᠤ ᠨᠢᠭᠡᠴᠢ ᠪᠠᠭᠤᠷᠠᠭᠤᠯᠪᠠ᠃ | | | ᠮᠡᠳᠡᠭᠳᠡᠯ ᠤᠨ ᠪᠣᠳᠠᠲᠠᠢ ᠠᠭᠤᠯᠭ᠎ᠠ ᠨᠢ᠄ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 | ᠵᠢᠯ ᠠᠴᠠ ᠳᠡᠭᠡᠭᠰᠢ ᠠᠩᠬᠠᠳᠠᠭᠴᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.1% ᠪᠠ 2.6% ᠪᠣᠯᠭᠠᠨ | ᠲᠣᠬᠢᠷᠠᠭᠤᠯᠤᠨ᠎ᠠ᠃ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ | ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ | ᠬᠦᠦ ᠶᠢᠨ ᠨᠣᠷᠮ᠎ᠠ ᠶᠢ ᠲᠣᠰ ᠲᠣᠰ 2.525% ᠪᠠ 3.075% ᠠᠴᠠ ᠳᠣᠣᠷ᠎ᠠ ᠪᠠᠶᠢᠯᠭᠠᠬᠤ ᠦᠭᠡᠢ ᠪᠠᠷ | ᠲᠣᠬᠢᠷᠠᠭᠤᠯᠤᠨ᠎ᠠ᠃ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ᠠᠴᠠ ᠡᠮᠦᠨ᠎ᠡ ᠨᠢᠭᠡᠨᠲᠡ ᠪᠠᠭᠤᠯᠭᠠᠭᠰᠠᠨ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ | 2026 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠦᠦ ᠮᠥᠩᠭᠦ ᠶᠢᠨ ᠨᠣᠷᠮ᠎ᠠ ᠶᠢᠨ ᠰᠢᠨ᠎ᠡ | ᠪᠠᠷᠢᠮᠵᠢᠶ᠎ᠠ ᠶᠢ ᠬᠡᠷᠡᠭᠵᠢᠭᠦᠯᠦᠨ᠎ᠡ᠃ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ᠠᠴᠠ ᠡᠮᠦᠨ᠎ᠡ ᠨᠢᠭᠡᠨᠲᠡ | ᠭᠥᠯᠢᠶᠡᠨ ᠠᠪᠴᠤ ᠰᠢᠢᠳᠪᠦᠷᠢᠯᠡᠭᠰᠡᠨ ᠪᠣᠯᠪᠠᠴᠤ ᠪᠠᠭᠤᠯᠭᠠᠭ᠎ᠠ ᠦᠭᠡᠢ ᠬᠤᠪᠢ ᠬᠥᠮᠥᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ᠂ ᠪᠠᠭᠤᠯᠭᠠᠬᠤ ᠦᠶ᠎ᠡ ᠳᠤ ᠬᠦᠦ ᠮᠥᠩᠭᠦ ᠶᠢᠨ | ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃ |