ᠬᠡᠲᠦᠷᠬᠡᠢ ᠮᠠᠷᠢᠶᠠᠯᠠᠬᠤ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2025/5/9
       ᠨᠠᠰᠤᠨ ᠳᠤ ᠭᠦᠷᠦᠭᠰᠡᠳ ᠤᠨ ᠬᠡᠪ ᠤᠨ ᠪᠡᠶ᠎ᠡ ᠶᠢᠨ ᠬᠦᠨᠳᠦ ᠶᠢ ᠳᠡᠯᠡᠬᠡᠢ ᠳᠡᠭᠡᠷ᠎ᠡ ᠬᠡᠷᠡᠭᠯᠡᠵᠦ ᠪᠠᠶᠢᠭ᠎ᠠ ᠪᠡᠶ᠎ᠡ ᠮᠠᠬᠠᠪᠤᠳ ᠤᠨ ᠢᠯᠡᠳᠬᠡᠭᠴᠢ ︵BMI︶  ᠪᠠᠷ ᠬᠡᠮᠵᠢᠵᠦ ᠪᠣᠯᠣᠨ᠎ᠠ᠃ BMI ᠶᠢᠨ ᠪᠤᠳᠤᠬᠤ ᠠᠷᠭ᠎ᠠ ᠪᠣᠯ ᠪᠡᠶ᠎ᠡ ᠶᠢᠨ ᠬᠦᠨᠳᠦ ︵ᠺᠢᠯᠦᠭᠷᠡᠮ︶ ᠪᠠᠨ ᠪᠡᠶ᠎ᠡ ᠶᠢᠨ ᠥᠨᠳᠥᠷ ︵ᠮᠧᠲᠷ︶ ᠤᠨ ᠺᠦᠸᠠᠳ᠋ ᠢᠶᠠᠷ ᠬᠤᠪᠢᠶᠠᠨ᠎ᠠ᠃ ᠮᠠᠨ ᠤ ᠤᠯᠤᠰ ᠤᠨ ᠨᠠᠰᠤᠨ ᠳᠤ ᠭᠦᠷᠦᠭᠰᠡᠳ ᠤᠨ ᠬᠡᠪ ᠤᠨ ᠪᠡᠶ᠎ᠡ ᠶᠢᠨ ᠬᠦᠨᠳᠦ BMI ᠶᠢᠨ ᠬᠡᠪᠴᠢᠶ᠎ᠡ 18.5 -23.9 ᠺᠢᠯᠦᠭᠷᠡᠮ \ ᠺᠦᠸᠠᠳ᠋ ᠮᠧᠲᠷ᠂ BMI ᠨᠢ 24 - 27.9 ᠺᠢᠯᠦᠭᠷᠡᠮ \ ᠺᠦᠸᠠᠳ᠋ ᠮᠧᠲᠷ ᠪᠣᠯᠪᠠᠯ ᠭᠡᠳᠤ ᠬᠦᠨᠳᠦ ᠪᠣᠯᠵᠤ᠂ 28 ᠺᠢᠯᠦᠭᠷᠡᠮ \ ᠺᠦᠸᠠᠳ᠋ ᠮᠧᠲᠷ ᠲᠠᠢ ᠲᠡᠩᠴᠡᠭᠦᠦ ᠪᠤᠶᠤ ᠶᠡᠭᠡ ᠪᠣᠯᠪᠠᠯ ᠮᠠᠷᠢᠶᠠᠯᠢᠭ ᠲᠤ ᠲᠣᠭᠠᠴᠢᠭᠳᠠᠨ᠎ᠠ᠃ ᠪᠠᠭᠠᠴᠤᠳ ᠬᠡᠦᠬᠡᠳ ᠤᠨ ᠬᠡᠪ ᠤᠨ ᠪᠡᠶ᠎ᠡ ᠶᠢᠨ ᠬᠦᠨᠳᠦ ᠶᠢᠨ ᠪᠠᠷᠢᠮᠵᠢᠶ᠎ᠠ ᠶᠢ ᠨᠠᠰᠤᠨ ᠳᠤ ᠭᠦᠷᠦᠭᠰᠡᠳ ᠤᠨ ᠬᠢ ᠪᠠᠷ ᠬᠡᠮᠵᠢᠵᠦ ᠪᠤᠯᠬᠤ ᠦᠭᠡᠢ᠂ ᠲᠠᠳᠡᠨ ᠤ ᠪᠤᠶᠢᠵᠢᠯᠳᠠ ᠶᠢᠨ ᠶᠠᠪᠤᠴᠠ ᠳᠤᠮᠳᠠᠬᠢ ᠪᠡᠶ᠎ᠡ ᠶᠢᠨ ᠥᠨᠳᠥᠷ ᠪᠣᠯᠣᠨ ᠪᠡᠶ᠎ᠡ ᠶᠢᠨ ᠬᠦᠨᠳᠦ ᠶᠢᠨ ᠬᠤᠪᠢᠷᠠᠯᠲᠠ ᠶᠢᠨ ᠣᠨᠴᠠᠯᠢᠭ ᠢ ᠪᠣᠳᠣᠯᠬᠢᠯᠠᠬᠤ ᠬᠡᠷᠡᠭᠲᠡᠢ᠃   
图片1.png
       ᠪᠡᠶ᠎ᠡ ᠶᠢᠨ ᠬᠦᠨᠳᠦ ᠨᠢ ᠬᠡᠪ ᠤᠨ ᠬᠡᠪᠴᠢᠶᠡᠨ ᠳᠣᠲᠣᠷ᠎ᠠ ᠪᠠᠶᠢᠬᠤ ᠬᠥᠮᠥᠨ ᠤ ᠡᠪᠡᠳᠴᠢᠨ ᠣᠯᠬᠤ ᠨᠤᠷᠮ᠎ᠠ  ᠨᠢ ᠡᠴᠡᠩᠬᠡᠢ ᠪᠤᠶᠤ ᠭᠡᠳᠤ ᠬᠦᠨᠳᠦ᠂ ᠲᠠᠷᠭᠤᠨ ᠬᠥᠮᠥᠨ ᠠᠴᠠ ᠳᠣᠣᠷ᠎ᠠ ᠪᠠᠶᠢᠳᠠᠭ᠃ ᠪᠡᠶ᠎ᠡ ᠶᠢᠨ ᠬᠦᠨᠳᠦ ᠨᠢ ᠬᠡᠲᠦᠷᠬᠡᠢ ᠬᠥᠩᠭᠡᠨ ᠪᠤᠶᠤ ᠭᠡᠳᠤ ᠬᠦᠨᠳᠦ ᠨᠢ ᠪᠦᠷ ᠡᠷᠡᠭᠦᠯ ᠮᠠᠨᠳᠤ ᠳᠤ ᠠᠰᠢᠭ ᠦᠭᠡᠢ᠃ ᠪᠡᠶ᠎ᠡ ᠶᠢᠨ ᠬᠦᠨᠳᠦ ᠬᠡᠲᠦᠷᠬᠡᠢ ᠬᠥᠩᠭᠡᠨ ᠨᠢ ᠰᠢᠮ᠎ᠡ ᠲᠡᠵᠢᠭᠡᠯ ᠲᠤᠲᠠᠭᠳᠠᠵᠤ ᠪᠠᠶᠢᠬᠤ ᠶᠢ ᠢᠯᠡᠷᠡᠭᠦᠯᠵᠦ᠂ ᠪᠠᠭᠠᠴᠤᠳ ᠬᠡᠦᠬᠡᠳ ᠤᠨ ᠪᠡᠶ᠎ᠡ ᠮᠠᠬᠠᠪᠤᠳ ᠪᠠ ᠤᠶᠤᠨ ᠤ ᠬᠥᠭᠵᠢᠯᠲᠡ ᠶᠢ ᠨᠥᠯᠥᠭᠡᠯᠡᠳᠡᠭ᠃ ᠨᠠᠰᠤᠨ ᠳᠤ ᠭᠦᠷᠦᠭᠰᠡᠳ ᠤᠨ ᠪᠡᠶ᠎ᠡ ᠶᠢᠨ ᠬᠦᠨᠳᠦ ᠬᠡᠲᠦᠷᠬᠡᠢ ᠬᠥᠩᠭᠡᠨ ᠪᠣᠯᠪᠠᠯ ᠭᠦᠳᠡᠯᠮᠤᠷᠢ ᠶᠢᠨ ᠴᠢᠳᠠᠪᠤᠷᠢ ᠳᠣᠷᠣᠭᠰᠢᠯᠠᠬᠤ᠂ ᠶᠠᠰᠤᠨ ᠤ ᠬᠡᠮᠵᠢᠶ᠎ᠡ ᠠᠯᠳᠠᠭᠳᠠᠬᠤ᠂ ᠶᠠᠰᠤ ᠪᠡᠷᠲᠡᠬᠦ᠂ ᠬᠤᠳᠣᠭᠤᠳᠤ ᠭᠡᠳᠡᠰᠦᠨ ᠤ ᠠᠵᠢᠯᠯᠠᠭ᠎ᠠ ᠰᠠᠮᠠᠭᠤᠷᠠᠬᠤ᠂ ᠡᠭᠡᠯᠢᠯᠡᠭᠡ ᠶᠢᠨ ᠴᠢᠳᠠᠯ ᠳᠣᠷᠣᠭᠰᠢᠯᠠᠬᠤ᠂ ᠴᠢᠰᠤ ᠳᠤᠲᠠᠬᠤ᠂ ᠭᠠᠩᠰᠠᠷᠠᠬᠤ ᠭᠡᠮ ᠲᠠᠢ ᠪᠤᠯᠬᠤ ᠵᠡᠷᠭᠡ ᠤᠯᠠᠨ ᠲᠠᠯ᠎ᠠ ᠶᠢᠨ ᠡᠪᠡᠳᠴᠢᠨ ᠤ ᠢᠯᠡᠷᠡᠯ ᠭᠠᠷᠤᠨ᠎ᠠ᠃ ᠭᠡᠳᠤ ᠬᠦᠨᠳᠦ ᠪᠠ ᠮᠠᠷᠢᠶ᠎ᠠ  ᠲᠠᠢ ᠪᠤᠯᠬᠤ ᠨᠢ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠰᠬᠦ ᠨᠤᠷᠮ᠎ᠠ ᠶᠢ ᠢᠯᠡᠳᠲᠡ ᠨᠡᠮᠡᠭᠳᠡᠭᠦᠯᠳᠡᠭ᠂ ᠮᠠᠷᠢᠶ᠎ᠠ ᠲᠠᠢ ᠬᠥᠮᠥᠨ ᠪᠠᠰᠠ ᠶᠠᠰᠤᠨ ᠤ ᠦᠶ᠎ᠡ ᠭᠡᠰᠢᠭᠦᠦ ᠶᠢᠨ ᠡᠪᠡᠳᠴᠢᠨ᠂ ᠥᠭᠡᠬᠦᠯᠡᠭᠰᠡᠨ ᠡᠯᠢᠭᠡ᠂ ᠰᠥᠰᠥ ᠴᠢᠯᠠᠭᠤᠵᠢᠬᠤ ᠡᠪᠡᠳᠴᠢᠨ᠂ ᠲᠤᠯᠠᠢ ᠡᠪᠡᠳᠴᠢᠨ᠂ ᠪᠥᠭᠯᠡᠷᠡᠯ ᠤᠨ ᠴᠢᠨᠠᠷᠲᠠᠢ ᠤᠨᠲᠠᠯᠭ᠎ᠠ ᠶᠢᠨ ᠠᠮᠢᠰᠬᠤᠭ᠎ᠠ ᠲᠦᠷ ᠵᠤᠬᠰᠤᠬᠤ ᠨᠡᠶᠢᠯᠡᠭ ᠭᠡᠮ᠂ ᠳᠣᠲᠣᠭᠠᠳᠤ ᠰᠢᠭᠦᠷᠡᠯ ᠰᠠᠮᠠᠭᠤᠷᠠᠬᠤ ᠵᠡᠷᠭᠡ ᠡᠪᠡᠳᠴᠢᠨ ᠢ ᠠᠮᠠᠷᠬᠠᠨ ᠣᠯᠣᠨ᠎ᠠ᠃            ᠢᠳᠡᠰᠢ ᠶᠢᠨ ᠬᠡᠮᠵᠢᠶ᠎ᠡ ᠪᠠ ᠬᠥᠳᠡᠯᠭᠡᠭᠡᠨ ᠬᠢᠬᠦ ᠪᠣᠯ ᠬᠡᠪ ᠤᠨ ᠪᠡᠶ᠎ᠡ ᠶᠢᠨ ᠬᠦᠨᠳᠦ ᠶᠢ ᠪᠠᠲᠤᠯᠠᠬᠤ ᠬᠤᠶᠠᠷ ᠭᠤᠣᠯ ᠡᠯᠧᠮᠧᠨ᠋ᠲ ᠮᠥᠨ᠃ ᠢᠳᠡᠰᠢ ᠨᠢ ᠬᠥᠮᠥᠨ ᠤ ᠪᠡᠶ᠎ᠡ ᠳᠤ ᠡᠨᠧᠷᠭᠢ ᠬᠠᠩᠭᠠᠵᠤ᠂ ᠬᠥᠳᠡᠯᠭᠡᠭᠡᠨ ᠬᠢᠬᠦ ᠨᠢ ᠡᠨᠧᠷᠭᠢ ᠶᠢ ᠬᠤᠷᠣᠭᠳᠠᠭᠤᠯᠤᠨ᠎ᠠ᠃ ᠬᠡᠷᠪᠡ ᠢᠳᠡᠰᠢ ᠶᠢᠨ ᠬᠡᠮᠵᠢᠶ᠎ᠡ ᠠᠷᠪᠢᠳᠴᠤ ᠬᠥᠳᠡᠯᠭᠡᠭᠡᠨ ᠬᠢᠬᠦ ᠬᠡᠮᠵᠢᠶ᠎ᠡ ᠭᠦᠢᠴᠡᠳ ᠦᠭᠡᠢ ᠪᠣᠯ ᠦᠯᠡᠳᠡᠭᠳᠡᠯ ᠡᠨᠧᠷᠭᠢ ᠨᠢ ᠬᠥᠮᠥᠨ ᠤ ᠪᠡᠶ᠎ᠡ ᠳᠣᠲᠣᠷ᠎ᠠ ᠥᠭᠡᠬᠦ ᠶᠢᠨ ᠭᠡᠯᠪᠡᠷᠢ ᠪᠠᠷ ᠬᠠᠳᠠᠭᠠᠯᠠᠭᠳᠠᠨ ᠪᠡᠶ᠎ᠡ  ᠶᠢᠨ ᠬᠦᠨᠳᠦ ᠶᠢ ᠨᠡᠮᠡᠭᠳᠡᠭᠦᠯᠵᠦ ᠭᠡᠳᠤ ᠬᠦᠨᠳᠦ ᠪᠤᠶᠤ ᠮᠠᠷᠢᠶ᠎ᠠ ᠲᠠᠢ ᠪᠣᠯᠭᠠᠨ᠎ᠠ᠃ ᠡᠰᠡᠷᠭᠦ ᠪᠠᠷ ᠬᠡᠷᠪᠡ ᠢᠳᠡᠰᠢ ᠶᠢᠨ ᠬᠡᠮᠵᠢᠶ᠎ᠡ ᠬᠦᠷᠦᠯᠴᠡᠬᠦ ᠦᠭᠡᠢ ᠪᠣᠯ ᠡᠨᠧᠷᠭᠢ ᠭᠦᠢᠴᠡᠳ ᠦᠭᠡᠢ ᠠᠴᠠ ᠪᠣᠯᠵᠤ ᠬᠡᠲᠦᠷᠬᠡᠢ ᠬᠥᠩᠭᠡᠨ ᠪᠤᠶᠤ ᠡᠴᠡᠩᠬᠡᠢ ᠪᠣᠯᠭᠠᠨ᠎ᠠ᠃ ᠡᠶᠢᠮᠦ ᠠᠴᠠ ᠢᠳᠡᠰᠢ ᠶᠢᠨ ᠬᠡᠮᠵᠢᠶ᠎ᠡ ᠪᠠ ᠬᠥᠳᠡᠯᠭᠡᠭᠡᠨ ᠬᠢᠬᠦ ᠬᠡᠮᠵᠢᠶ᠎ᠡ ᠪᠠᠨ ᠲᠡᠩᠴᠡᠭᠦᠷᠢᠲᠡᠢ ᠪᠠᠶᠢᠯᠭᠠᠵᠤ ᠤᠯᠠᠨ ᠵᠦᠢᠯ ᠤᠨ ᠢᠳᠡᠭᠡᠨ ᠤ ᠬᠠᠩᠭᠠᠭᠰᠠᠨ ᠡᠨᠧᠷᠭᠢ ᠨᠢ ᠪᠡᠶ᠎ᠡ ᠮᠠᠬᠠᠪᠤᠳ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠪᠡᠶ᠎ᠡ ᠳᠤ ᠦᠯᠡᠳᠡᠬᠦ ᠦᠭᠡᠢ ᠪᠠᠶᠢᠬᠤ ᠶᠢ ᠪᠠᠲᠤᠯᠠᠪᠠᠯ ᠵᠣᠬᠢᠨ᠎ᠠ᠃ ᠢᠩᠭᠢᠪᠡᠯ ᠰᠠᠶ᠋ᠢ ᠪᠡᠶ᠎ᠡ ᠶᠢᠨ ᠬᠦᠨᠳᠦ ᠶᠢ ᠲᠣᠬᠢᠷᠠᠮᠵᠢᠲᠠᠢ ᠬᠡᠪᠴᠢᠶᠡᠨ ᠳᠣᠲᠣᠷ᠎ᠠ ᠬᠢᠵᠠᠭᠠᠷᠯᠠᠵᠤ ᠴᠢᠳᠠᠨ᠎ᠠ᠃             ᠡᠩ ᠤᠨ ᠪᠠᠶᠢᠳᠠᠯ ᠳᠤ ᠬᠤᠭᠤᠯᠠᠨ ᠤ ᠳᠤᠷᠠᠰᠢᠯ ᠨᠢ ᠢᠳᠡᠰᠢ ᠶᠢᠨ ᠬᠡᠮᠵᠢᠶ᠎ᠡ ᠶᠢ ᠪᠦᠳᠤᠮᠵᠢᠳᠡᠢ ᠬᠢᠵᠠᠭᠠᠷᠯᠠᠵᠤ ᠬᠡᠪ ᠤᠨ ᠪᠡᠶ᠎ᠡ ᠶᠢᠨ ᠬᠦᠨᠳᠦ ᠶᠢ ᠪᠠᠲᠤᠯᠠᠵᠤ ᠴᠢᠳᠠᠨ᠎ᠠ᠃ ᠵᠠᠷᠢᠮ ᠬᠥᠮᠥᠨ ᠤ ᠬᠤᠭᠤᠯᠠᠨ ᠤ ᠳᠤᠷᠠᠰᠢᠯ ᠤᠨ ᠲᠣᠬᠢᠷᠠᠭᠤᠯᠤᠯᠲᠠ ᠰᠡᠷᠭᠡᠭ ᠪᠢᠰᠢ ᠪᠠᠶᠢᠵᠤ᠂ ᠬᠤᠭᠤᠯᠠᠨ ᠤ ᠳᠤᠷᠠᠰᠢᠯ ᠢ ᠬᠠᠩᠭᠠᠬᠤ ᠢᠳᠡᠰᠢ ᠶᠢᠨ ᠬᠡᠮᠵᠢᠶ᠎ᠡ ᠶᠡᠷᠦ ᠳᠡᠭᠡᠨ ᠪᠣᠳᠠᠲᠤ ᠬᠡᠷᠡᠭᠴᠡᠭᠡ ᠠᠴᠠ ᠳᠠᠪᠠᠵᠤ ᠪᠠᠶᠢᠳᠠᠭ᠃ ᠬᠡᠲᠦᠷᠬᠡᠢ ᠠᠷᠪᠢᠨ ᠡᠨᠧᠷᠭᠢ ᠨᠢ ᠪᠡᠶ᠎ᠡ ᠶᠢᠨ ᠬᠦᠨᠳᠦ ᠶᠢ ᠨᠡᠮᠡᠭᠳᠡᠭᠦᠯᠬᠦ ᠲᠤᠯᠠ ᠴᠠᠭ ᠤᠨ ᠬᠤᠭᠤᠯᠠ ᠪᠠᠨ ᠬᠡᠲᠦᠷᠬᠡᠢ ᠴᠠᠳᠲᠠᠯ᠎ᠠ ᠢᠳᠡᠵᠦ ᠪᠤᠯᠬᠤ ᠦᠭᠡᠢ᠃ ᠡᠳᠦᠷ ᠪᠦᠷᠢ ᠨᠢᠭᠡ ᠠᠮᠠ ᠢᠯᠡᠭᠦᠦ ᠢᠳᠡᠬᠦ ᠨᠢ ᠴᠠᠭ ᠤᠨ ᠤᠳᠠᠭᠠᠨ ᠳᠤ ᠪᠡᠶ᠎ᠡ ᠶᠢᠨ ᠬᠦᠨᠳᠦ ᠶᠢ ᠨᠡᠮᠡᠭᠳᠡᠭᠦᠯᠦᠨ᠎ᠡ᠃ ᠡᠶᠢᠮᠦ ᠠᠴᠠ ᠡᠳᠦᠷ ᠳᠤᠳᠤᠮ ᠤᠨ ᠠᠮᠢᠳᠤᠷᠠᠯ ᠳᠤᠮᠳᠠ᠄ ᠨᠢᠭᠡ᠂ ᠴᠠᠭ ᠤᠨ ᠬᠤᠭᠤᠯᠠ ᠶᠢ ᠬᠡᠲᠦᠷᠬᠡᠢ ᠴᠠᠳᠲᠠᠯ᠎ᠠ ᠢᠳᠡᠵᠦ ᠪᠤᠯᠬᠤ ᠦᠭᠡᠢ; ᠬᠤᠶᠠᠷ᠂ ᠬᠤᠭᠤᠯᠠ ᠪᠤᠳᠠᠭᠠᠨ ᠤ ᠠᠷᠢᠯᠭᠠᠭᠴᠢ ᠪᠠᠶᠢᠵᠤ ᠪᠤᠯᠬᠤ ᠦᠭᠡᠢ᠂ ᠵᠠᠷᠢᠮ ᠬᠥᠮᠥᠨ ᠴᠠᠳᠲᠠᠯ᠎ᠠ ᠢᠳᠡᠭᠰᠡᠨ ᠤ ᠪᠠᠨ ᠲᠠᠷᠠᠭ᠎ᠠ ᠪᠠᠰᠠ ᠵᠠᠷᠢᠮ ᠦᠯᠡᠳᠡᠭᠳᠡᠯ ᠬᠤᠭᠤᠯᠠ ᠶᠢ ᠴᠡᠪᠡᠷᠯᠡᠨ ᠢᠳᠡᠳᠡᠭ᠃ ᠡᠨᠡ ᠨᠢ ᠡᠳᠦᠷ ᠤᠨ ᠤᠳᠠᠭᠠᠨ ᠳᠠᠭᠠᠨ ᠡᠨᠧᠷᠭᠢ ᠶᠢᠨ ᠤᠷᠤᠭᠤᠯᠤᠯᠳᠠ ᠶᠢ ᠨᠡᠮᠡᠭᠳᠡᠭᠦᠯᠤᠨ᠎ᠠ; ᠭᠤᠷᠪᠠ᠂ ᠦᠷᠭᠦᠯᠵᠢ ᠭᠠᠳᠠᠨ᠎ᠠ ᠬᠤᠭᠤᠯᠠᠯᠠᠪᠠᠯ ᠠᠰᠢᠭ ᠦᠭᠡᠢ; ᠳᠥᠷᠪᠡ᠂ ᠰᠤᠯᠠ ᠢᠳᠡᠭᠡᠨ ᠢ ᠤᠯᠠᠨ ᠢᠳᠡᠵᠦ ᠪᠤᠯᠬᠤ ᠦᠭᠡᠢ; ᠲᠠᠪᠤ᠂ ᠭᠠᠷᠠᠭ ᠲᠤ ᠨᠢᠭᠡ ᠤᠳᠠᠭ᠎ᠠ ᠪᠡᠶ᠎ᠡ ᠶᠢᠨ ᠬᠦᠨᠳᠦ ᠪᠠᠨ ᠬᠡᠮᠵᠢᠨ᠎ᠡ᠃            ᠪᠡᠶ᠎ᠡ ᠮᠠᠬᠠᠪᠤᠳ ᠤᠨ ᠬᠥᠳᠡᠯᠭᠡᠭᠡᠨ ᠭᠡᠳᠡᠭ ᠪᠣᠯ ᠡᠳᠦᠷ ᠳᠤᠳᠤᠮ ᠤᠨ ᠠᠵᠢᠯ ᠠᠮᠢᠳᠤᠷᠠᠯ᠂ ᠶᠠᠪᠤᠵᠤ ᠰᠠᠭᠤᠬᠤ ᠪᠣᠯᠣᠨ ᠪᠡᠶ᠎ᠡ ᠶᠢᠨ ᠲᠠᠮᠢᠷ ᠤᠨ ᠪᠣᠯᠪᠠᠰᠤᠷᠠᠯ ᠵᠡᠷᠭᠡ ᠲᠠᠮᠢᠷ ᠪᠠᠷᠠᠬᠤ ᠬᠥᠳᠡᠯᠭᠡᠭᠡᠨ ᠢ ᠬᠡᠯᠡᠨ᠎ᠡ᠃ ᠡᠨᠡ ᠨᠢ ᠲᠠᠮᠢᠷ ᠢ ᠪᠠᠷᠠᠭᠳᠠᠭᠤᠯᠬᠤ ᠶᠢᠨ ᠬᠠᠮᠲᠤ ᠪᠤᠯᠴᠢᠩ ᠢ ᠠᠪᠴᠢᠭᠤᠯᠵᠤ ᠡᠨᠧᠷᠭᠢ ᠶᠢᠨ ᠬᠤᠷᠣᠭᠳᠠᠯ ᠢ ᠨᠡᠮᠡᠭᠳᠡᠭᠦᠯᠦᠨ᠎ᠡ᠃ ᠡᠶᠢᠮᠦ ᠠᠴᠠ ᠵᠠᠮ ᠶᠠᠪᠤᠬᠤ᠂ ᠳᠤᠭᠤᠢ ᠤᠨᠤᠬᠤ᠂ ᠪᠥᠮᠪᠦᠭᠡ ᠨᠠᠭᠠᠳᠬᠤ᠂ ᠪᠥᠵᠢᠭᠯᠡᠬᠦ᠂ ᠠᠰᠠᠷ ᠤᠨ ᠱᠠᠲᠤ ᠪᠠᠷ ᠠᠯᠬᠤᠬᠤ᠂ ᠭᠡᠷ  ᠢᠶᠠᠨ ᠴᠡᠪᠡᠷᠯᠡᠬᠦ ᠵᠡᠷᠭᠡ ᠨᠢ ᠪᠦᠷ ᠪᠡᠶ᠎ᠡ ᠮᠠᠬᠠᠪᠤᠳ ᠤᠨ ᠬᠥᠳᠡᠯᠭᠡᠭᠡᠨ ᠤ ᠠᠳᠠᠯᠢ ᠪᠤᠰᠤ ᠭᠡᠯᠪᠡᠷᠢ ᠶᠤᠮ᠃ ᠦᠷᠭᠦᠯᠵᠢ ᠪᠡᠶ᠎ᠡ ᠮᠠᠬᠠᠪᠤᠳ ᠤᠨ ᠬᠥᠳᠡᠯᠭᠡᠭᠡᠨ ᠬᠢᠬᠦ  ᠨᠢ ᠬᠡᠪ ᠤᠨ ᠪᠡᠶ᠎ᠡ ᠶᠢᠨ ᠬᠦᠨᠳᠦ ᠶᠢ ᠪᠠᠲᠤᠯᠠᠬᠤ ᠳᠤ ᠲᠤᠰᠠᠲᠠᠢ ᠪᠠᠷ ᠪᠠᠷᠠᠬᠤ ᠦᠭᠡᠢ ᠤᠯᠠᠨ ᠵᠦᠢᠯ ᠤᠨ ᠤᠳᠠᠭᠠᠨ ᠴᠢᠨᠠᠷᠲᠠᠢ ᠡᠪᠡᠳᠴᠢᠨ ᠢ ᠣᠯᠬᠤ ᠠᠶᠤᠯ ᠢ ᠪᠠᠭᠠᠰᠬᠠᠨ᠎ᠠ᠃ ᠬᠠᠮᠲᠤ ᠳᠤᠨᠢ ᠰᠡᠳᠬᠢᠯ ᠰᠠᠨᠠᠭᠠᠨ ᠤ ᠲᠣᠭᠲᠠᠪᠤᠷᠢᠲᠠᠢ ᠪᠠᠶᠢᠬᠤ ᠶᠢ ᠲᠣᠬᠢᠷᠠᠭᠤᠯᠵᠤ ᠳᠠᠷᠤᠭᠠᠰᠤ ᠶᠢ ᠠᠷᠢᠯᠭᠠᠨ᠂ ᠵᠣᠪᠠᠨᠢᠬᠤ ᠪᠠ ᠭᠠᠩᠰᠠᠷᠠᠬᠤ ᠭᠡᠮ ᠢ ᠬᠥᠩᠭᠡᠷᠡᠭᠦᠯᠵᠦ᠂ ᠤᠨᠲᠠᠬᠤ ᠶᠢ ᠰᠠᠶᠢᠵᠢᠷᠠᠭᠤᠯᠤᠨ᠎ᠠ᠃ ᠣᠳᠣᠬᠠᠨ ᠳᠤ ᠮᠠᠨ ᠤ ᠤᠯᠤᠰ ᠤᠨ ᠣᠯᠠᠩᠬᠢ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠬᠥᠳᠡᠯᠭᠡᠭᠡᠨ ᠭᠦᠢᠴᠡᠳ ᠦᠭᠡᠢ ᠪᠤᠶᠤ ᠲᠠᠮᠢᠷ ᠤᠨ ᠪᠣᠯᠪᠠᠰᠤᠷᠠᠯ ᠢᠶᠠᠷ ᠳᠤᠲᠠᠮᠠᠭ ᠪᠠᠶᠢᠨ᠎ᠠ᠃ ᠤᠳᠠᠭᠠᠨ ᠰᠠᠭᠤᠵᠤ ᠳᠤᠲᠠᠭᠤ ᠬᠥᠳᠡᠯᠬᠦ ᠮᠠᠭᠤ ᠵᠠᠩᠰᠢᠯ ᠢᠶᠠᠨ ᠬᠠᠶᠠᠵᠤ᠂ ᠡᠳᠦᠷ ᠪᠣᠯᠭᠠᠨ ᠬᠥᠳᠡᠯᠭᠡᠭᠡᠨ ᠬᠢᠬᠦ ᠳᠠᠳᠬᠠᠯ ᠢ ᠪᠤᠢ ᠪᠣᠯᠭᠠᠨ᠂ ᠡᠨᠧᠷᠭᠢ ᠶᠢ ᠬᠤᠷᠣᠭᠳᠠᠭᠤᠯᠬᠤ ᠬᠥᠳᠡᠯᠭᠡᠭᠡᠨ ᠢ ᠡᠳᠦᠷ ᠪᠦᠷᠢ ᠢᠯᠡᠭᠦᠬᠡᠨ ᠬᠢᠬᠦ ᠶᠢ ᠪᠠᠷᠢᠮᠲᠠᠯᠠᠪᠠᠯ ᠵᠣᠬᠢᠨ᠎ᠠ᠃            ︵︽ᠡᠷᠡᠭᠦᠯ ᠮᠠᠨᠳᠤ ᠶᠢᠨ 66 ᠵᠤᠷᠪᠤᠰ︾ ᠨᠣᠮ ᠠᠴᠠ ᠨᠠᠶᠢᠷᠠᠭᠤᠯᠤᠨ ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号